1 ᠰᠠᠷ᠎ᠠ ᠶᠢᠨ 20 ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠲᠥᠪᠯᠡᠷᠡᠨ ᠰᠤᠷᠤᠯᠴᠠᠬᠤ ᠬᠤᠷᠠᠯ ᠬᠤᠷᠠᠯᠳᠤᠵᠤ᠂ | ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ︽ | ᠰᠢ ᠶᠢᠨ ᠫᠢᠩ᠄ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠬᠡᠳᠦᠨ ᠴᠢᠬᠤᠯᠠ ᠶᠡᠭᠡ | ᠣᠨᠣᠯ ᠪᠠ ᠦᠢᠯᠡᠳᠦᠯᠭᠡ ᠶᠢᠨ ᠠᠰᠠᠭᠤᠳᠠᠯ︾᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ 2025 ᠣᠨ ᠤ | ᠰᠢᠨ᠎ᠡ ᠵᠢᠯ ᠤᠨ ᠪᠠᠶᠠᠷ ᠤᠨ ᠦᠭᠡ᠂ ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠪᠥᠬᠦᠳᠡ ︵ᠥᠷᠭᠡᠳᠬᠡᠭᠰᠡᠨ︶ | ᠬᠤᠷᠠᠯ ᠪᠠ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ 2024 ᠣᠨ ᠤ | ᠬᠤᠰᠢᠭᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ᠂ 2025 ᠣᠨ ᠤ ᠲᠠᠶᠢᠹᠤᠰᠧ ᠬᠤᠰᠢᠭᠤᠨ ᠤ | ᠠᠷᠠᠳ ᠤᠨ ᠵᠡᠪᠰᠡᠭᠲᠦ ᠬᠦᠴᠦᠨ ᠤ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ | ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠰᠢᠩ ᠹᠦ᠋ ᠰᠢᠶᠠᠩ ᠤᠨ | ᠢᠶᠠᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠶᠠᠭᠠᠬᠢᠵᠤ ᠤᠶᠠᠯᠳᠤᠭᠤᠯᠬᠤ ᠲᠤᠬᠠᠢ ᠭᠦᠨᠵᠡᠭᠡᠢ ᠪᠣᠳᠣᠯᠬᠢᠯᠠᠵᠤ᠂ | ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ ᠵᠡᠷᠭᠡ ᠠᠵᠢᠯ ᠤᠨ ᠲᠠᠯᠠᠪᠠᠷ ᠵᠣᠷᠢᠭᠲᠠᠢ ᠪᠠᠷ | ᠠᠷᠭ᠎ᠠ ᠰᠦᠪᠡᠭᠴᠢᠯᠡᠨ ᠰᠢᠨ᠎ᠡ ᠶᠢ ᠡᠭᠦᠳᠴᠦ᠂ ᠥᠭᠡᠷᠡᠴᠢᠯᠡᠯᠲᠡ ᠶᠢᠨ ᠰᠡᠳᠬᠢᠬᠦᠢ ᠪᠠᠷ ᠬᠥᠭᠵᠢᠯᠲᠡ ᠶᠢᠨ ᠬᠦᠴᠢᠷ | ᠠᠰᠠᠭᠤᠳᠠᠯ ᠢ ᠰᠢᠢᠳᠪᠦᠷᠢᠯᠡᠨ᠂ ᠰᠢᠩ ᠹᠦ᠋ ᠰᠢᠶᠠᠩ ᠤᠨ ᠰᠢᠨ᠎ᠡ ᠬᠥᠭᠵᠢᠯᠲᠡ ᠳᠤ ᠠᠮᠢᠵᠢᠷᠠᠯ ᠤᠨ ᠬᠦᠴᠦᠨ | ᠨᠡᠮᠡᠷᠢᠯᠡᠬᠦ ᠬᠡᠷᠡᠭᠲᠡᠢ᠃ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ | ᠪᠠᠶᠠᠷ ᠤᠨ ᠦᠭᠡ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠰᠢᠩᠭᠡᠭᠡᠨ ᠠᠪᠴᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠷᠠᠳ ᠤᠨ ᠠᠮᠢᠳᠤᠷᠠᠯ ᠢ ᠤᠯᠠᠮ | ᠰᠠᠶᠢᠵᠢᠷᠠᠭᠤᠯᠬᠤ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ᠤᠯᠠᠨ ᠲᠦᠮᠡᠨ ᠤ ᠠᠵᠠ | ᠵᠢᠷᠭᠠᠯ ᠤᠨ ᠲᠦᠷᠦᠭᠳᠡᠯ ᠪᠠ ᠤᠯᠤᠯᠳᠠ ᠬᠦᠷᠲᠡᠮᠵᠢ ᠶᠢᠨ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ᠬᠤᠰᠢᠭᠤᠨ ᠤ ᠡᠯ᠎ᠡ ᠲᠦᠷᠦᠯ ᠤᠨ ᠬᠤᠷᠠᠯ ᠤᠨ ᠵᠣᠷᠢᠭ ᠰᠠᠨᠠᠭ᠎ᠠ ᠪᠠ ᠢᠯᠡᠳᠭᠡᠯ ᠮᠡᠳᠡᠭᠦᠯᠦᠯᠲᠡ ᠶᠢᠨ | ᠱᠠᠭᠠᠷᠳᠠᠯᠭ᠎ᠠ ᠶᠢᠨ ᠲᠣᠭᠤᠷᠢᠨ ᠳᠤ᠂ ᠰᠢᠩ ᠹᠦ᠋ ᠰᠢᠶᠠᠩ ᠤᠨ ᠢᠶᠠᠨ ᠠᠵᠢᠯ ᠤᠨ ᠴᠢᠭᠯᠡᠯ ᠢ ᠣᠨᠣᠪᠴᠢᠲᠠᠶ | ᠲᠣᠭᠲᠠᠭᠠᠵᠤ᠂ ᠡᠯ᠎ᠡ ᠲᠦᠷᠦᠯ ᠤᠨ ᠠᠵᠢᠯ ᠢ ᠴᠢᠨᠠᠷ ᠰᠠᠶᠢᠲᠠᠶ ᠦᠷᠨᠢᠬᠦᠯᠬᠦ ᠶᠢᠨ ᠬᠠᠮᠳᠤ᠂ ᠡᠨᠡ ᠤᠳᠠᠭᠠᠨ ᠤ | ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠩ ᠹᠦ᠋ ᠰᠢᠶᠠᠩ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠡᠭᠦᠳᠬᠦ ᠪᠠᠷ ᠴᠢᠷᠮᠠᠶᠢᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ ᠃ |