ᠶᠦᠩ ᠹᠧᠩ ᠪᠠᠯᠭᠠᠰᠤ 2025 ᠣᠨ ᠤ ᠴᠡᠷᠢᠭ ᠤᠨ ᠶᠠᠪᠤᠳᠠᠯ ᠢ ᠵᠥᠪᠯᠡᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/22
   ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂  ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠷᠢᠮ ᠢ ᠨᠢᠮᠪᠠᠢ ᠨᠠᠶᠢᠳᠠᠪᠤᠷᠢᠵᠢᠭᠤᠯᠬᠤ  ᠶᠢᠨ ᠲᠦᠯᠦᠭᠡ᠂ 1 ᠰᠠᠷ᠎ᠠ ᠶᠢᠨ 20 ᠤ ᠡᠳᠦᠷ ᠶᠦᠩ ᠹᠧᠩ ᠪᠠᠯᠭᠠᠰᠤ ᠨᠢ 2025 ᠣᠨ ᠤ ᠴᠡᠷᠢᠭ ᠤᠨ ᠶᠠᠪᠤᠳᠠᠯ ᠢ ᠵᠥᠪᠯᠡᠬᠦ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠳᠡᠳ᠋ ᠪᠠᠯᠭᠠᠰᠤᠨ ᠳᠠᠷᠤᠭ᠎ᠠ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠠᠩ ᠵᠢᠶᠠᠨ ᠷᠦᠢ ᠠᠴᠠ 2024 ᠣᠨ ᠤ ᠵᠡᠪᠰᠡᠭᠲᠦ ᠬᠦᠴᠦᠨ ᠤ ᠠᠵᠢᠯ ᠳᠤ ᠳ᠋ᠦᠩᠨᠡᠯᠲᠡ ᠬᠢᠵᠦ᠂ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ᠂  ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ 2025 ᠣᠨ ᠤ ᠨᠠᠮ ᠤᠨ ᠬᠤᠷᠢᠶᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠴᠡᠷᠢᠭ ᠡᠯᠰᠡᠬᠦ ᠤᠬᠠᠭᠤᠯᠭ᠎ᠠ᠂ ᠬᠤᠶᠠᠷ ᠢ ᠬᠦᠷᠢᠶᠡᠯᠡᠬᠦ ᠠᠵᠢᠯ ᠪᠠ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ  ᠪᠠᠶᠢᠷᠢᠯᠠᠭᠤᠯᠤᠯᠲᠠ ᠬᠢᠵᠡᠢ᠃ ᠳᠡᠳ᠋ ᠬᠤᠰᠢᠭᠤ ᠳᠠᠷᠤᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠵᠠᠩ ᠶᠦᠩ ᠯᠢ ᠴᠢᠬᠤᠯᠠᠴᠢᠯᠠᠬᠤ ᠳᠠᠭᠠᠨ᠂  ᠨᠢᠭᠡ ᠳᠤ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠥᠪ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠤᠶᠠᠷ ᠲᠤ ᠴᠡᠷᠢᠭ ᠡᠯᠰᠡᠬᠦ ᠠᠵᠢᠯ ᠢ ᠥᠨᠳᠥᠷ ᠪᠦᠲᠦᠮᠵᠢᠲᠡᠶ ᠠᠬᠢᠭᠤᠯᠵᠤ᠂ ᠴᠡᠷᠢᠭ ᠡᠯᠰᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠵᠣᠬᠢᠬᠤ ᠨᠠᠰᠤᠨ ᠤ ᠵᠠᠯᠠᠭᠤᠴᠤᠳ ᠤᠨ ᠪᠠᠶᠢᠳᠠᠯ ᠢ ᠤᠶᠢᠯᠠᠭᠠᠨ ᠪᠦᠷᠢᠳᠬᠡᠬᠦ ᠠᠵᠢᠯ ᠢ ᠰᠠᠶᠢᠲᠤᠷ ᠬᠢᠵᠦ᠂  ᠬᠠᠷᠢᠶ᠎ᠠ ᠣᠷᠣᠨ ᠤ ᠪᠠᠨ ᠵᠣᠬᠢᠬᠤ ᠨᠠᠰᠤᠨ ᠤ ᠵᠠᠯᠠᠭᠤᠴᠤᠳ ᠢ ᠣᠨᠣᠪᠴᠢᠲᠠᠶ ᠳᠠᠶᠢᠴᠢᠯᠠᠨ ᠴᠡᠷᠢᠭ ᠲᠤ ᠣᠷᠣᠭᠤᠯᠵᠤ᠂  ᠲᠤᠰ ᠵᠢᠯ ᠤᠨ ᠴᠡᠷᠢᠭ ᠡᠯᠰᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠡᠷᠢᠭ  ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠪᠣᠳᠠᠲᠠᠢ ᠪᠦᠭᠡᠳ ᠨᠠᠷᠢᠯᠢᠭ ᠬᠢᠵᠦ᠂ ᠴᠡᠷᠢᠭ ᠪᠠ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ  ᠬᠠᠮᠠᠭᠠᠯᠠᠨ᠂  ᠲᠡᠳᠡᠨ ᠤ ᠤᠯᠤᠯᠳᠠ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠤᠨ ᠡᠩᠨᠡᠭᠡ ᠶᠢ ᠬᠦᠴᠦᠷᠭᠡᠭᠵᠢᠬᠦᠯᠦᠨ ᠪᠠᠶᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠵᠣᠬᠢᠶᠠᠨ ᠪᠠᠶᠢᠭᠤᠯᠵᠦ ᠦᠷᠨᠢᠬᠦᠯᠦᠨ᠂  ᠴᠢᠨᠠᠷ ᠰᠠᠶᠢᠳᠠᠢ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠵᠤ᠂  ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠲᠦᠷᠢᠮᠵᠢᠭᠰᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠭᠤᠷᠪᠠᠨ ᠲᠠᠰᠤᠭ ᠨᠢᠭᠡ ᠬᠥᠮᠥᠷᠭᠡ︾ ᠵᠡᠷᠭᠡ ᠬᠠᠲᠠᠭᠤ ᠲᠤᠨᠤᠭ ᠤᠨ ᠪᠠᠶᠢᠭᠤᠯᠤᠯᠳᠠ ᠶᠢ ᠴᠢᠩᠭᠠᠳᠬᠠᠨ  ᠂ ᠵᠥᠭᠡᠯᠡᠨ ᠲᠣᠨᠤᠭ ᠢ ᠰᠢᠨᠡᠳᠬᠡᠨ ᠲᠡᠭᠦᠯᠳᠡᠷᠵᠢᠭᠦᠯᠵᠦ᠂ ᠶᠦᠩ ᠹᠧᠩ ᠪᠠᠯᠭᠠᠰᠤᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠲᠦᠷᠢᠮᠵᠢᠭᠰᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠭᠠᠷᠬᠤ ᠶᠢ ᠠᠬᠢᠭᠤᠯᠬᠤ ᠭᠡᠷᠡᠭᠳᠡᠢ ᠭᠡᠪᠡ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号