ᠰᠢ ᠶᠢᠨ ᠫᠢᠩ ᠨᠠᠮ ᠤᠨ ᠭᠠᠳᠠᠨᠠᠬᠢ ᠬᠥᠮᠥᠰ ᠲᠠᠢ ᠬᠠᠮᠲᠤ ᠪᠠᠷ ᠴᠠᠭᠠᠨ ᠰᠠᠷ᠎ᠠ ᠶᠢ ᠤᠭᠲᠤᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ ᠸᠠᠩ ᠬᠤ᠋ ᠨᠢᠩ ᠼᠠᠢ ᠴᠢ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/1/22
   ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢ ᠬᠠᠮᠲᠤ ᠪᠠᠷ ᠤᠭᠲᠤᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
   1 ᠰᠠᠷ᠎ᠠ ᠶᠢᠨ 20 ᠤ ᠡᠳᠦᠷ᠂ ᠰᠢ ᠶᠢᠨ ᠫᠢᠩ᠂ ᠸᠠᠩ ᠬᠤ᠋ ᠨᠢᠩ᠂ ᠼᠠᠢ ᠴᠢ ᠨᠠᠷ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠨᠠᠮ ᠤᠨ ᠭᠠᠳᠠᠨᠠᠬᠢ ᠬᠥᠮᠥᠰ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢ ᠬᠠᠮᠲᠤ ᠪᠠᠷ ᠤᠭᠲᠤᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃    ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᠳᠤᠮᠳᠠᠳᠤ ᠤᠯᠤᠰ ᠤᠨ ᡁᠢᠭᠦ᠋ᠩᠳᠠᠩ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠰᠢᠶᠧ ᠰᠢᠶᠣᠣ ᠯᠢᠶᠠᠩ᠂ ᠰᠢᠦᠢ ᠸᠧᠢ ᠭᠠᠩ ᠨᠠᠷ ᠤᠷᠢᠯᠭ᠎ᠠ ᠪᠠᠷ ᠣᠷᠣᠯᠴᠠᠵᠠᠢ᠃ ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ ᠳᠡᠳ᠋ ᠲᠡᠷᠢᠭᠦᠯᠡᠭᠴᠢ ᠪᠤᠢ᠃    ᠼᠠᠢ ᠳ᠋ᠠ ᠹᠧᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠲᠡᠷᠡ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠲᠣᠭᠲᠠᠭᠠᠯ ᠭᠠᠷᠭᠠᠵᠤ᠂ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠰᠢᠨ᠎ᠡ ᠠᠮᠵᠢᠯᠲᠠ ᠭᠢᠯᠪᠡᠷ ᠪᠤᠰᠤ ᠪᠦᠲᠦᠮᠵᠢ ᠣᠯᠪᠠ᠃ ᠰᠢᠨ᠎ᠡ ᠨᠢᠭᠡ ᠵᠢᠯ ᠳᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠪᠣᠯᠣᠨ ᠤᠯᠤᠰ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃    ᠼᠠᠢ ᠳ᠋ᠠ ᠹᠧᠩ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2024 ᠣᠨ ᠪᠣᠯ ᠪᠢᠳᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠪᠢᠳᠡ ᠡᠯ᠎ᠡ ᠱᠠᠲᠤ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠠᠰᠢᠭᠲᠠᠢ ᠨᠥᠬᠦᠴᠡᠯ ᠪᠠ ᠠᠰᠢᠭ ᠦᠭᠡᠢ ᠬᠦᠴᠦᠨ ᠵᠦᠢᠯ ᠢ ᠵᠥᠪ ᠡᠵᠡᠮᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ ᠢ ᠨᠢ ᠨᠡᠮᠡᠭᠳᠡᠭᠦᠯᠪᠡ᠃ ᠪᠢᠳᠡ ᠡᠯ᠎ᠡ ᠵᠦᠢᠯ ᠤᠨ ᠬᠠᠳᠠᠭᠠᠯᠠᠮᠵᠢ ᠶᠢᠨ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠮ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠰᠠᠶᠢᠵᠢᠷᠠᠯᠲᠠ ᠲᠠᠢ ᠪᠣᠯᠵᠤ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 5% ᠪᠠᠷ ᠨᠡᠮᠡᠭᠳᠡᠪᠡ᠃ ᠪᠢᠳᠡ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ ᠠᠯᠢ ᠤᠯᠠᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠴᠦᠲᠡᠢ ᠠᠬᠢᠭᠤᠯᠪᠠ᠃ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠵᠣᠬᠢᠴᠠᠩᠭᠤᠢ ᠪᠠᠷ ᠵᠡᠷᠭᠡᠴᠡᠨ ᠤᠷᠤᠭᠰᠢᠯᠠᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠠᠷᠠᠳ ᠤᠯᠠᠨ ᠨᠡᠩ ᠤᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠪᠠ᠃ ᠪᠢᠳᠡ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠥᠭᠵᠢᠯᠲᠡ ᠳᠠᠪᠰᠢᠯᠳᠠ ᠶᠢ ᠠᠬᠢᠭᠤᠯᠬᠤ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡ᠃ ᠪᠢᠳᠡ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠮᠡᠷᠡᠶᠢᠨ ᠴᠢᠷᠮᠠᠶᠢᠭᠰᠠᠨ ᠤ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃    ᠰᠢ ᠶᠢᠨ ᠫᠢᠩ᠂ 2024 ᠣᠨ ᠪᠣᠯ ᠪᠠᠰᠠ ᠴᠤ ᠣᠯᠠᠨ ᠨᠠᠮ ᠬᠠᠮᠲᠤᠷᠠᠨ ᠠᠵᠢᠯᠯᠠᠬᠤ ᠦᠢᠯᠡᠰ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠴᠦ᠂ ᠥᠷᠨᠢᠭᠦᠨ ᠬᠥᠭᠵᠢᠭᠰᠡᠨ ᠨᠢᠭᠡ ᠵᠢᠯ ᠮᠥᠨ᠃ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠬᠢᠵᠡᠢ ᠭᠡᠵᠦ ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢ ᠲᠥᠯᠥᠭᠡᠯᠡᠨ᠂ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠭᠡᠵᠦ ᠢᠯᠡᠳᠬᠡᠪᠡ᠃    ᠰᠢ ᠶᠢᠨ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠥᠷᠭᠡᠨ ᠳᠡᠯᠭᠡᠷᠡᠩᠭᠦᠢ ᠪᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠵᠢᠯᠢ ᠲᠥᠪᠲᠦ ᠲᠣᠭᠤᠷᠢᠭ ᠢ ᠤᠯᠠᠮ ᠨᠢᠭᠡ ᠠᠯᠬᠤᠮ ᠰᠠᠶᠢᠲᠤᠷ ᠵᠢᠷᠤᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠡᠨᠡ ᠬᠦ ᠳᠤᠮᠳᠠᠳᠤ ᠤᠯᠤᠰ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠦᠨᠳᠦᠰᠦᠨ ᠣᠨᠴᠠᠯᠢᠭ ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠰᠡᠳᠬᠢᠯ ᠢ ᠨᠢᠭᠡᠳᠬᠡᠬᠦ ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠦᠨᠡᠨ ᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠤᠨ ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠰᠠᠨᠠᠭᠤᠯᠭ᠎ᠠ ᠳᠤᠷᠠᠳᠬᠤ ᠵᠡᠷᠭᠡ ᠲᠠᠢ ᠨᠢᠭᠲᠠ ᠤᠶᠠᠯᠳᠤᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠪᠡᠷᠬᠡ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠪᠠᠲᠤᠯᠠᠵᠤ᠂ ᠬᠥᠭᠵᠢᠯᠲᠡ ᠶᠢᠨ ᠢᠲᠡᠭᠡᠯ ᠢ ᠨᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠥᠷᠭᠡᠨ ᠤᠯᠠᠨ ᠪᠦᠷᠢᠯᠳᠦᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠬᠤ᠂ ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠬᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠬᠤ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠪᠠᠷ ᠳᠠᠮᠵᠢᠨ ᠰᠤᠷᠲᠠᠯ ᠢ ᠬᠤᠪᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃    ᠱᠢ ᠲᠠᠢ ᠹᠧᠩ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号