ᠲᠠᠶᠢᠹᠤᠰᠧ ᠬᠤᠰᠢᠭᠤ ᠰᠣᠶᠣᠯ ᠤᠨ ᠵᠠᠬ᠎ᠠ ᠳᠡᠯᠭᠡᠭᠦᠷ ᠲᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2025/1/23
  ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ ᠬᠤᠰᠢᠭᠤᠨ ᠤ ᠰᠤᠶᠤᠯ ᠤᠨ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠢ ᠪᠠᠳᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠬᠠᠮᠳᠤᠷᠠᠵᠤ᠂  ᠴᠠᠭᠠᠨ ᠰᠠᠷ᠎ᠠ ᠠᠴᠠ ᠡᠮᠦᠨᠡᠬᠢ ᠰᠣᠶᠣᠯ ᠤᠨ ᠵᠠᠬ᠎ᠠ ᠳᠡᠯᠭᠡᠭᠦᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠨᠢ ᠬᠠᠷᠢᠶ᠎ᠠ ᠣᠷᠣᠨ ᠤ ᠪᠠᠨ ᠡᠯ᠎ᠡ ᠬᠡᠪᠯᠡᠯ ᠤᠨ ᠠᠵᠤ ᠠᠬᠤᠶᠢᠯᠠᠯ᠂ ᠨᠣᠮ ᠤᠨ ᠳᠡᠯᠭᠡᠭᠦᠷ᠂ ᠺᠢᠨᠣ᠋ ᠣᠷᠳᠣᠨ᠂  ᠲᠣᠮᠣ ᠳᠡᠯᠭᠡᠭᠦᠷ ᠬᠤᠳᠠᠯᠳᠤᠭ᠎ᠠ ᠳᠤ ᠭᠦᠨᠵᠡᠭᠡᠶᠢᠷᠡᠨ  ᠂ ᠭᠠᠯ ᠤᠨᠲᠠᠷᠠᠭᠠᠬᠤ ᠪᠡᠯᠡᠳᠬᠡᠯ ᠲᠥᠬᠦᠭᠡᠷᠦᠮᠵᠢ ᠪᠠ ᠬᠠᠤᠯᠢ ᠪᠤᠰᠤ ᠬᠡᠪᠯᠡᠭᠳᠡᠬᠦᠨ ᠳᠤ ᠴᠢᠭᠯᠡᠬᠦᠯᠵᠦ ᠪᠠᠶᠢᠴᠠᠭᠠᠯᠲᠠ  ᠬᠢᠭᠰᠡᠨ ᠪᠠᠶᠢᠨ᠎ᠠ᠃ ᠪᠠᠶᠢᠴᠠᠭᠠᠬᠤ ᠶᠠᠪᠤᠴᠠ ᠳᠠᠭᠠᠨ᠂ ᠠᠶᠤᠯᠭᠦᠢ ᠦᠢᠯᠡᠳᠪᠦᠷᠢᠯᠡᠯ ᠪᠠ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠦᠬᠡᠮᠡᠯᠵᠢᠬᠦᠯᠦᠭᠰᠡᠨ ᠪᠦᠢᠭᠡᠳ ᠡᠳᠦᠷ ᠪᠦᠷᠢ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠳᠠ ᠶᠢ ᠬᠢᠵᠦ᠂ ᠠᠶᠤᠯᠭᠦᠶ  ᠦᠢᠯᠡᠳᠪᠦᠷᠢᠯᠡᠯ ᠤᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠵᠠᠬ᠎ᠠ ᠳᠡᠯᠭᠡᠭᠦᠷ ᠤᠨ ᠬᠢᠨᠠᠯᠲᠠ  ᠬᠠᠮᠢᠥᠶᠠᠷᠤᠯᠳᠠ ᠶᠢ ᠦᠷᠭᠦᠯᠵᠢᠯᠡᠨ ᠴᠢᠩᠭᠠᠳᠬᠠᠵᠤ  ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠲᠠᠰᠤᠷᠠᠯᠲᠠ ᠥᠬᠡᠶ ᠲᠡᠭᠡᠭᠰᠢᠯᠡᠬᠦᠯᠦᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠦᠬᠦ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠢ ᠦᠨᠡᠨ ᠬᠦ ᠪᠠᠳᠤᠯᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号