ᠲᠠᠶᠢᠹᠤᠰᠧ ᠬᠤᠰᠢᠭᠤ ︽  ᠬᠠᠤᠯᠢ ᠲᠦᠷᠢᠮ + ᠮᠥᠩᠭᠦᠨ ᠭᠦᠢᠯᠭᠡᠭᠡ︾ ᠶᠢᠨ ᠬᠠᠮᠳᠤᠷᠠᠭᠰᠠᠨ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2025/1/23
  ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠤᠬᠠᠮᠰᠠᠷ ᠪᠠ ᠮᠥᠩᠭᠦᠨ ᠭᠦᠢᠯᠭᠡᠭᠡᠨ ᠤ ᠲᠦᠭᠰᠢᠭᠦᠷᠢ ᠠᠴᠠ ᠰᠡᠷᠭᠡᠶᠢᠯᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠶᠢᠨ ᠲᠥᠯᠥᠭᠡ᠂  ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠨᠢ ᠬᠠᠮᠲᠤᠷᠠᠨ᠂ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠵᠡᠬᠡᠯᠢ ᠳᠤ ᠬᠦᠨᠵᠡᠬᠡᠶᠢᠷᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠲᠦᠷᠢᠮ᠂ ᠪᠥᠬᠦ ᠠᠷᠠᠳ ᠢᠶᠠᠷ ᠢᠶᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠢᠴᠢ ︽ᠵᠣᠭᠤᠰᠣᠨ ᠴᠦᠩᠬᠦ ᠶᠢ ᠪᠠᠳᠤ ᠰᠠᠬᠢᠵᠤ ᠵᠣᠯ ᠵᠢᠷᠭᠠᠯᠲᠤ ᠬᠡᠷ ᠪᠦᠯᠢ ᠶᠢ ᠬᠠᠮᠠᠭᠠᠯᠠᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠳᠠᠳ ᠠᠴᠠ ᠴᠠᠭᠠᠨ ᠰᠠᠷ᠎ᠠ ᠶᠢᠨ ᠬᠤᠭᠤᠴᠠᠭᠠᠨ ᠳᠤ ᠲᠣᠬᠢᠶᠠᠯᠳᠤᠵᠤ ᠮᠡᠳᠡᠬᠦ ᠬᠡᠷᠡᠭᠯᠡᠭᠡᠨ ᠤ ᠵᠢᠭᠤᠷᠠᠯᠳᠤᠭᠠᠨ ᠵᠡᠷᠭᠡ ᠳᠤ ᠴᠢᠭᠯᠡᠬᠦᠯᠵᠦ᠂ ᠰᠢᠢᠳᠪᠦᠷᠢᠯᠡᠬᠦ ᠠᠷᠭ᠎ᠠ ᠪᠠᠷᠢᠯ ᠢ ᠠᠮᠢᠳᠤᠯᠢᠭ ᠢᠶᠠᠷ ᠲᠠᠶᠢᠯᠪᠤᠷᠢᠯᠠᠨ᠂ ᠣᠯᠠᠨ ᠲᠦᠮᠡᠨ ᠢ ᠬᠠᠪᠰᠤᠷᠤᠨ ᠠᠰᠠᠭᠤᠳᠠᠯ ᠲᠤᠯᠭᠠᠷᠠᠬᠤ ᠦᠶ᠎ᠡ ᠳᠤ ᠶᠠᠭᠠᠬᠢᠵᠤ ᠬᠠᠤᠯᠢ ᠶᠣᠰᠣᠨ ᠤ ᠠᠷᠭ᠎ᠠ ᠵᠠᠮ ᠢᠶᠠᠷ ᠡᠷᠬᠡ ᠠᠰᠢᠭ ᠢᠶᠠᠨ ᠬᠠᠮᠠᠭᠠᠯᠠᠬᠤ ᠶᠢ ᠵᠢᠭᠠᠭᠰᠠᠨ ᠪᠠᠶᠢᠨ᠎ᠠ᠃ ᠡᠭᠦᠨ ᠤ ᠬᠠᠮᠲᠤ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠮᠡᠳᠦ ᠶᠢᠨ ᠠᠷᠭ᠎ᠠ ᠬᠡᠯᠪᠡᠷᠢ ᠪᠠᠷ ᠤᠯᠠᠨ ᠲᠦᠮᠡᠨ ᠢ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠢᠨᠠᠯᠳᠠ ᠲᠠᠯᠪᠢᠬᠤ ᠶᠢ ᠵᠣᠷᠢᠭᠵᠢᠭᠤᠯᠵᠤ᠂ ᠬᠡᠷᠪᠡ ᠵᠣᠬᠢᠰ ᠥᠬᠡᠶ ᠵᠦᠢᠯ ᠢ ᠣᠯᠵᠤ ᠮᠡᠳᠡᠪᠡᠯ ᠴᠠᠭ ᠲᠤᠬᠠᠶ ᠳᠤᠨᠢ ᠵᠦᠪ ᠠᠷᠭ᠎ᠠ ᠵᠠᠮ ᠢᠶᠠᠷ  ᠢᠯᠡᠴᠢᠯᠡᠨ ᠮᠡᠳᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠪᠠᠷ ᠶᠠᠪᠤᠭᠳᠠᠭᠤᠯᠬᠤ ᠶᠢ ᠪᠠᠳᠤᠯᠠᠨ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠲᠤᠭᠤᠷᠢᠨ ᠢ ᠪᠣᠶ ᠪᠣᠯᠭᠠᠬᠤ ᠭᠡᠷᠡᠭᠳᠡᠢ ᠬᠡᠵᠦ ᠤᠬᠠᠭᠤᠯᠪᠠ᠃ ᠠᠵᠢᠯᠲᠠᠳ ᠪᠠᠰᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠡᠯᠡ ᠮᠥᠩᠭᠦ ᠶᠢᠨ ᠬᠦᠢᠯᠭᠡᠭᠡ ᠨᠡᠮᠡᠭᠳᠡᠬᠦ᠂ ᠮᠡᠬᠡᠯᠡᠯ ᠤᠨ ᠠᠶᠤᠯ ᠲᠦᠭᠰᠢᠭᠦᠷᠢ ᠨᠡᠮᠡᠭᠳᠡᠬᠦ ᠣᠨᠴᠠᠯᠢᠭ ᠲᠤ ᠴᠢᠭᠯᠡᠭᠦᠯᠦᠨ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠣᠨᠴᠠᠭᠠᠶᠢᠯᠠᠨ ︽ᠰᠢᠨ᠎ᠡ ᠵᠢᠯ ᠤᠨ ᠤᠯᠠᠭᠠᠨ ᠪᠠᠭᠯᠠᠭ᠎ᠠ︾ ︽ᠴᠠᠭᠠᠨ ᠰᠠᠷ᠎ᠠ ᠶᠢᠨ ᠪᠠᠷᠠᠭᠠᠨ ᠤ ᠲᠦᠷᠭᠡᠨ ᠪᠣᠷᠣᠯᠠᠭᠤᠯᠭ᠎ᠠ︾ ᠵᠡᠷᠭᠡ ᠪᠠᠷ ᠬᠠᠯᠬᠠᠪᠴᠢ ᠪᠣᠯᠭᠠᠭᠰᠠᠨ ᠮᠡᠬᠡᠯᠡᠯ ᠤᠨ ᠲᠤᠬᠠᠢ ᠤᠯᠠᠨ ᠲᠦᠮᠡᠨ ᠳᠤ ᠨᠠᠷᠢᠨ ᠨᠢᠮᠪᠠᠢ ᠵᠠᠳᠠᠯᠤᠯᠲᠠ ᠪᠠ ᠲᠠᠶᠢᠯᠪᠤᠷᠢᠯᠠᠯᠲᠠ ᠬᠢᠵᠦ᠂ ᠪᠠᠷᠠᠭ᠎ᠠ ᠲᠠᠸᠠᠷ ᠬᠤᠳᠠᠯᠳᠤᠨ ᠠᠪᠬᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠳᠡᠭᠡᠨ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠥᠪᠡᠷ ᠤᠨ ︽ᠵᠣᠭᠤᠰᠣᠨ ᠴᠦᠩᠬᠦ︾ ᠪᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠪᠦᠬᠦ ᠬᠤᠰᠢᠭᠤᠨ ᠤ ᠠᠷᠠᠳ ᠢᠷᠭᠡᠳ ᠤᠨ ᠠᠮᠤᠷ ᠲᠦᠪᠰᠢᠨ᠂ ᠪᠠᠶᠠᠷ ᠵᠢᠷᠭᠠᠯ ᠲᠠᠢ ᠰᠢᠨᠡᠯᠡᠬᠦ ᠳᠤ  ᠪᠠᠳᠤᠯᠠᠭ᠎ᠠ  ᠬᠠᠩᠭᠠᠭᠰᠠᠨ ᠪᠦᠭᠡᠳ ᠬᠠᠤᠯᠢᠵᠢᠵᠤ ᠲᠦᠷᠢᠮᠵᠢᠭᠰᠡᠨ᠂ ᠡᠶ᠎ᠡ ᠵᠣᠬᠢᠴᠠᠩᠭᠤᠶ᠂  ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠶᠡᠭᠡᠭᠡᠨ ᠲᠤᠰᠠ ᠨᠡᠮᠡᠷᠢᠯᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号