ᠴᠧᠨ ᠶᠠᠨ ᠪᠦᠦ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠴᠠᠭᠠᠨ ᠰᠠᠷ᠎ᠠ ᠠᠴᠠ ᠡᠮᠦᠨᠡᠬᠢ ᠲᠤᠬᠤᠨᠢᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2025/1/23
  ᠣᠶᠢᠷ᠎ᠠ ᠶᠢᠨ ᠡᠳᠦᠷ ᠤᠳ ᠲᠤ᠂  ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠭᠠᠴᠠᠭ᠎ᠠ ᠲᠤᠰᠬᠤᠨ᠂ ᠨᠡᠶᠢᠭᠡᠮ ᠲᠣᠭᠤᠷᠢᠭ ᠲᠤ ᠬᠦᠨᠵᠡᠬᠡᠶᠢᠷᠡᠵᠦ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠠ ᠠᠰᠠᠷᠠᠨ ᠬᠠᠷᠠᠭᠠᠯᠵᠠᠬᠤ ᠨᠢᠭᠤᠷᠯᠠᠯ ᠢ ᠬᠠᠯᠠᠮᠵᠢᠯᠠᠨ ᠲᠣᠬᠤᠨᠢᠭᠤᠯᠵᠤ᠂ ᠲᠡᠳᠡᠨ ᠳᠤ ᠨᠠᠮ ᠵᠠᠰᠠᠭ ‍ᠤ᠊ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠳᠤ ᠴᠠᠭᠠᠨ ᠰᠠᠷ᠎ᠠ ᠶᠢᠨ ᠮᠡᠨᠳᠦᠴᠢᠯᠡᠯ ᠵᠦᠩᠨᠡᠯ ᠳᠡᠪᠰᠢᠭᠦᠯᠪᠡ᠃ ᠴᠧᠨ ᠶᠠᠨ ᠪᠦᠦ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠡᠦ ᠭᠧᠨ ᠸᠠ ᠪᠣᠯᠤᠨ ᠠᠬᠠᠮᠠᠳ ᠨᠠᠮ ᠤᠨ ᠭᠡᠰᠢᠭᠦᠨ ᠯᠢ ᠪᠢᠩ ᠴᠢᠤᠸᠠᠨ ᠤ ᠭᠡᠷ ᠲᠤ ᠬᠦᠷᠴᠦ᠂ ᠲᠡᠳᠡᠨ ᠤ ᠪᠡᠶ᠎ᠡ ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠨᠢ ᠯᠠᠪᠯᠠᠨ ᠠᠰᠠᠭᠤᠵᠤ ᠠᠬᠠᠮᠠᠳ ᠨᠥᠬᠦᠳ᠂ ᠠᠬᠠᠮᠠᠳ ᠨᠠᠮ ᠤᠨ ᠭᠡᠰᠢᠭᠦᠨ ᠤ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠦᠷᠬᠦᠯᠵᠢᠯᠡᠨ ᠠᠷᠭ᠎ᠠ ᠤᠬᠠᠭᠠᠨ ᠭᠠᠷᠭᠠᠬᠤ ᠶᠢ ᠬᠦᠰᠡᠭᠰᠡᠨ ᠪᠠᠶᠢᠨ᠎ᠠ᠃ ᠴᠧᠨ ᠶᠠᠨ ᠪᠦᠦ ᠢᠯᠡᠷᠬᠡᠶᠢᠯᠡᠬᠦ ᠳᠡᠭᠡᠨ᠂ ᠠᠬᠠᠮᠠᠳ ᠨᠥᠬᠦᠳ᠂ ᠠᠬᠠᠮᠠᠳ ᠨᠠᠮ ᠤᠨ ᠭᠡᠰᠢᠭᠦᠨ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠠᠬᠠᠮᠠᠳ ᠨᠥᠬᠦᠳ ᠤᠨ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ  ᠦᠢᠯᠡᠴᠢᠯᠡᠬᠦ᠂ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠠᠬᠠᠮᠠᠳ ᠨᠥᠬᠦᠳ ᠢ ᠬᠠᠯᠠᠮᠵᠢᠯᠠᠨ ᠬᠠᠶᠢᠷᠠᠯᠠᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠳᠡᠯᠪᠢᠨ ᠰᠠᠶᠢᠲᠤᠷ ᠬᠢᠵᠦ᠂ ᠲᠡᠳᠡᠨ ᠤ    ᠪᠠᠶᠠᠷ ᠵᠢᠷᠭᠠᠯ ᠲᠠᠢ ᠪᠠᠷ ᠥᠲᠡᠯᠦᠭᠡ ᠨᠠᠰᠤ ᠪᠠᠨ ᠥᠩᠭᠡᠷᠡᠭᠦᠯᠬᠦ ᠶᠢ ᠪᠠᠳᠤᠯᠠᠬᠤ ᠬᠡᠷᠡᠭᠲᠡᠶ ᠭᠡᠪᠡ᠃ ᠯᠢ ᠵᠠᠨ ᠷᠦᠢ ᠯᠦᠸᠧ ᠲᠦᠸᠧ ᠱᠠᠨ ᠪᠠᠯᠭᠠᠰᠤᠨ ᠤ ᠵᠦᠩ ᠾᠧ ᠲᠣᠰᠬᠤᠨ ᠳᠤ ᠬᠦᠷᠴᠦ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠲᠣᠬᠤᠨᠢᠭᠤᠯᠬᠤ ᠶᠢᠨ ᠬᠠᠮᠲᠤ᠂ ᠬᠦᠴᠢᠷᠳᠡᠯᠲᠡᠢ ᠬᠥᠮᠦᠰ ᠪᠣᠯᠤᠨ ᠠᠰᠠᠷᠠᠨ ᠬᠠᠷᠠᠭᠠᠯᠵᠠᠬᠤ ᠨᠢᠭᠤᠷᠯᠠᠯ ᠤᠨ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠴᠢᠩᠭᠠᠷᠠᠭᠤᠯᠵᠤ᠂ ᠡᠯ᠎ᠡ  ᠲᠦᠷᠦᠯ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠶᠢ ᠪᠠᠳᠤᠯᠠᠨ᠂ ᠲᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠤᠯᠠᠨ ᠲᠦᠮᠡᠨ ᠤ ᠠᠵᠠ ᠵᠢᠷᠭᠠᠯ ᠤᠨ ᠲᠦᠷᠦᠭᠳᠡᠯ ᠪᠣᠯᠤᠨ  ᠤᠯᠤᠯᠳᠠ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠬᠤᠰᠢᠭᠤᠨ ᠤ ᠤᠳᠤᠷᠢᠳᠤᠯᠭ᠎ᠠ ᠳ᠋ᠠᠶ ᡁᠢ ᠷᠦᠢ᠂ ᠰᠦᠨ ᠶᠠᠨ᠂ ᠰᠢᠶᠧ ᠶᠢᠨ ᠳ᠋ᠦᠩ᠂ ᠯᠢᠦ ᠰᠢᠨ ᠹᠧᠩ᠂ ᠯᠢ ᠴᠦᠨ ᠭᠤᠸᠠᠩ᠂ ᠳ᠋ᠦ᠋ ᠸᠧᠶ᠂ ᠰᠡᠴᠡᠨᠴᠣᠭᠲᠤ᠂ ᠽᠦᠸᠧ ᡁᠢ ᠭᠦᠸᠧ᠂ ᠯᠢᠦ ᠶᠠ ᠱᠧᠩ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠦᠪᠡᠷ ᠦᠪᠡᠷ ᠤᠨ ᠲᠠᠭᠠᠭᠠᠴᠢᠯᠠᠭᠰᠠᠨ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠲᠠᠭᠠᠨ ᠭᠦᠨᠵᠡᠭᠡᠶᠢᠷᠡᠵᠦ᠂ ᠬᠦᠴᠢᠷᠳᠡᠯᠲᠡᠶ ᠣᠯᠠᠨ ᠲᠦᠮᠡᠨ᠂ ᠠᠬᠠᠮᠠᠳ ᠨᠠᠮ ᠤᠨ ᠭᠡᠰᠢᠭᠦᠨ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠬᠥᠮᠦᠰ ᠢ ᠬᠠᠯᠠᠮᠵᠢᠯᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠵᠥᠩᠨᠡᠯ ᠢ ᠲᠡᠪᠰᠢᠬᠦᠯᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号