ᠡᠨᠡ ᠡᠪᠦᠯ ᠢᠷᠡᠬᠦ ᠬᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ | ᠠᠮᠤᠷ ᠲᠦᠪᠰᠢᠨ ᠤ ᠤᠰᠤᠯ ᠠᠳᠡᠯ ᠭᠠᠷᠬᠤ ᠶᠢ ᠦᠨᠡᠨ ᠬᠦ ᠰᠡᠷᠭᠡᠶᠢᠯᠡᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ᠂ | ᠣᠨᠴᠠᠭᠠᠶᠢᠯᠠᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠨᠡᠶᠢᠲᠡ ᠶᠢᠨ ᠮᠠᠰᠢᠨ ᠤ ᠺᠤᠮᠫᠠᠨᠢ ᠵᠡᠷᠭᠡ | ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠠᠶᠤᠯᠭᠦᠢ ᠦᠢᠯᠡᠳᠪᠦᠷᠢᠯᠡᠯ ᠤᠨ ᠬᠡᠮ ᠰᠤᠭᠤᠭ ᠢ | ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ ᠪᠠᠶᠢᠨ᠎ᠠ᠃ ᠪᠠᠶᠢᠴᠠᠭᠠᠬᠤ ᠳᠤᠭᠤᠶᠢᠯᠠᠩ ᠨᠢ | ᠠᠶᠠᠨᠴᠢᠳ ᠤᠨ ᠲᠡᠭᠡᠭᠡᠪᠦᠷᠢ ᠶᠢᠨ ᠦᠷᠳᠡᠭᠡᠨ ᠤ ᠲᠡᠷᠭᠡᠨ ᠵᠣᠭᠰᠣᠭᠠᠯ ᠤᠨ ᠪᠡᠯᠡᠳᠭᠡᠯ ᠲᠥᠬᠦᠭᠡᠷᠦᠮᠵᠢ᠂ ᠭᠠᠯ | ᠤᠨᠲᠠᠷᠠᠭᠠᠬᠤ ᠪᠠᠭᠠᠵᠢ ᠬᠡᠷᠡᠭᠰᠡᠯ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠢᠯᠡᠷᠭᠡᠶᠢᠯᠡᠯ ᠵᠡᠷᠭᠡ ᠶᠢ ᠨᠠᠷᠢᠨ | ᠪᠠᠶᠢᠴᠠᠭᠠᠵᠤ᠂ ᠬᠢᠨᠠᠨ ᠡᠵᠡᠮᠳᠡᠬᠦ ᠲᠠᠪᠴᠠᠩ ᠢ ᠠᠰᠢᠭᠯᠠᠨ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠢᠷᠡᠵᠦ | ᠶᠠᠪᠤᠭᠰᠠᠨ ᠵᠠᠮ ᠮᠥᠷ᠂ ᠬᠤᠷᠳᠤᠴᠠ᠂ ᠵᠢᠯᠣᠭᠤᠴᠢ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠨᠠᠷᠢᠨ ᠨᠢᠮᠪᠠᠶ | ᠪᠠᠶᠢᠴᠠᠭᠠᠨ ᠦᠵᠡᠬᠦ ᠶᠢᠨ ᠬᠠᠮᠳᠤ᠂ ᠵᠢᠯᠣᠭᠤᠴᠢ ᠶᠢᠨ ᠬᠢᠷᠢ ᠬᠡᠮ᠂ ᠠᠮᠤᠷ ᠲᠦᠪᠰᠢᠨ ᠤ ᠪᠤᠯᠪᠠᠰᠤᠷᠠᠯ ᠬᠥᠮᠦᠵᠢᠯ | ᠤᠨ ᠪᠠᠶᠢᠳᠠᠯ ᠢ ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠢ ᠡᠪᠦᠯ ᠤᠨ ᠤᠯᠠᠷᠢᠯ ᠤᠨ ᠠᠮᠤᠷ ᠲᠦᠪᠰᠢᠨ ᠤ | ᠪᠣᠯᠪᠠᠰᠤᠷᠠᠯ ᠢ ᠴᠢᠩᠭᠠᠳᠬᠠᠨ᠂ ᠵᠢᠯᠣᠭᠤᠴᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠴᠠᠰᠤ ᠮᠦᠰᠦ ᠠᠴᠠ ᠬᠢᠴᠢᠶᠡᠨ᠂ ᠠᠮᠤᠷ ᠲᠦᠪᠰᠢᠨ ᠵᠢᠯᠤᠭᠤᠳᠬᠤ ᠭᠡᠷᠡᠭᠳᠡᠢ ᠬᠡᠵᠦ ᠱᠠᠭᠠᠷᠳᠠᠪᠠ᠃ | ᠪᠠᠶᠢᠴᠠᠭᠠᠯᠲᠠ ᠶᠢᠨ ᠳᠤᠮᠳᠠ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 2 ᠬᠤᠪᠢ ᠪᠠᠭᠤᠯᠭᠠᠵᠤ᠂ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠷᠢᠮᠵᠢᠶ᠎ᠠ ᠪᠠ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠡᠷᠡᠰ | ᠨᠠᠶᠢᠳᠠᠪᠤᠷᠢᠵᠢᠭᠤᠯᠵᠤ᠂ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠨ ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠲᠥᠷᠥᠯ ᠤᠨ ᠠᠮᠤᠷ ᠲᠦᠪᠰᠢᠨ ᠢ ᠪᠠᠳᠤᠯᠠᠬᠤ ᠴᠢᠩᠭ᠎ᠠ ᠱᠠᠭᠠᠷᠳᠠᠯᠭ᠎ᠠ ᠲᠠᠯᠪᠢᠵᠠᠢ᠃ |