1 ᠰᠠᠷ᠎ᠠ ᠶᠢᠨ 21 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ | ᠱᠦᠵᠢ ᠳ᠋ᠦ᠋ ᠸᠧᠶ ᠵᠡᠷᠭᠡ ᠬᠦᠮᠦᠰ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ᠂ ᠠᠬᠠᠮᠠᠳ ᠺᠠᠳ᠋ᠷ᠂ | ᠠᠬᠠᠮᠠᠳ ᠨᠠᠮ ᠤᠨ ᠭᠡᠰᠢᠭᠦᠨ᠂ ᠶᠠᠳᠠᠭᠤ ᠬᠦᠴᠢᠷᠳᠡᠯᠲᠡᠶ ᠡᠷᠦᠬᠡ ᠶᠢ ᠲᠤᠬᠤᠨᠢᠭᠤᠯᠤᠨ᠂ ᠲᠡᠳᠡᠨ ᠳᠤ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠤ ᠬᠠᠮᠳᠤ ᠴᠠᠭᠠᠨ ᠰᠠᠷ᠎ᠠ ᠶᠢᠨ | ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠵᠤ | ᠲᠤᠬᠤᠨᠢᠭᠤᠯᠵᠠᠢ᠃ ᠬᠤᠰᠢᠭᠤᠨ ᠤ ᠤᠳᠤᠷᠢᠳᠤᠯᠭ᠎ᠠ ᠨᠠᠷ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ | ᠶᠠᠳᠠᠭᠤ ᠬᠦᠴᠢᠷᠳᠡᠯᠲᠡᠶ ᠡᠷᠦᠬᠡ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠪᠠᠶᠢᠳᠠᠯ᠂ | ᠡᠷᠡᠭᠦᠯ ᠮᠡᠨᠳᠦ ᠶᠢᠨ ᠪᠠᠶᠢᠳᠠᠯ ᠵᠢᠴᠢ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ | ᠪᠣᠯᠤᠨ ᠱᠠᠭᠠᠷᠳᠠᠯᠭ᠎ᠠ ᠬᠡᠷᠡᠭᠴᠡᠭᠡ ᠶᠢ ᠨᠢ ᠨᠠᠷᠢᠨ ᠤᠶᠢᠯᠠᠭᠠᠭᠰᠠᠨ ᠪᠦᠭᠡᠳ ᠲᠡᠳᠡᠨ ᠳᠤ ᠲᠤᠬᠤᠨᠢᠭᠤᠯᠭ᠎ᠠ ᠶᠢᠨ ᠮᠥᠩᠭᠦ | ᠭᠠᠷᠳᠠᠭᠤᠯᠵᠤ ᠂ ᠭᠡᠷ ᠬᠤᠲᠠᠯᠠᠭᠠᠷ ᠢᠶᠠᠷ ᠢᠶᠠᠨ ᠪᠠᠶᠠᠷ ᠵᠢᠷᠭᠠᠯ ᠲᠠᠢ ᠰᠢᠨᠡᠯᠡᠬᠦ ᠶᠢ ᠵᠦᠩᠨᠡᠭᠰᠡᠨ ᠪᠠᠶᠢᠨ᠎ᠠ᠃ |