ᠴᠢᠶᠠᠨ ᠶᠢᠨ ᠭᠸᠦ  ᠪᠠᠯᠭᠠᠰᠤ᠄ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠤᠪᠴᠢᠶᠠᠨ ᠤ ᠬᠢᠨ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/1/23
  1 ᠰᠠᠷ᠎ᠠ ᠶᠢᠨ 21 ᠤ ᠡᠳᠦᠷ᠂ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠳᠡᠳ᠋ ᠳᠠᠷᠤᠭ᠎ᠠ ᠪᠦᠦ ᠯᠢ ᠰᠢᠨ ᠵᠡᠷᠭᠡ ᠬᠥᠮᠦᠰ ᠴᠢᠶᠠᠨ ᠶᠢᠨ ᠭᠸᠦ ᠪᠠᠯᠭᠠᠰᠤᠨ ᠤ ᠫᠢᠩ ᠴᠤᠸᠠᠨ ᠲᠣᠰᠬᠤᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠦᠨᠳᠦ ᠡᠪᠡᠳᠴᠢᠲᠡᠨ ᠵᠡᠷᠭᠡ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠲᠣᠬᠤᠨᠢᠭᠤᠯᠪᠡ᠃ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠤᠪᠴᠢᠶᠠᠨ ᠤ ᠳᠠᠷᠤᠭ᠎ᠠ ᠸᠠᠩ ᠬᠠᠶ ᠪᠢᠨ᠂ ᠴᠢᠶᠠᠨ ᠶᠢᠨ ᠭᠸᠦ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ ᠪᠠᠷ᠎ᠠ ᠪᠤᠯᠵᠤ ᠲᠤᠬᠤᠨᠢᠭᠤᠯᠵᠠᠢ᠃ ᠲᠣᠬᠤᠨᠢᠭᠤᠯᠬᠤ ᠪᠦᠯᠬᠦᠮ ᠤᠨ ᠬᠢᠨ ᠣᠯᠠᠨ ᠲᠦᠮᠡᠨ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠬᠡᠷ ᠪᠦᠯᠢ ᠶᠢᠨ ᠣᠷᠣᠯᠭ᠎ᠠ ᠵᠢᠴᠢ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠨᠢ ᠠᠰᠠᠭᠤᠨ ᠯᠠᠪᠯᠠᠬᠤ ᠶᠢᠨ ᠬᠠᠮᠳᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠠᠮᠢᠳᠤᠷᠠᠯ ᠳᠠᠭᠠᠨ ᠢᠳᠡᠪᠬᠢᠲᠡᠶ ᠬᠠᠨᠳᠤᠬᠤ ᠶᠢ ᠵᠤᠷᠢᠬᠵᠢᠭᠤᠯᠤᠭᠰᠠᠨ ᠪᠠᠶᠢᠨ᠎ᠠ᠃ ᠲᠣᠬᠤᠨᠢᠭᠤᠯᠬᠤ  ᠪᠦᠯᠬᠦᠮ ᠤᠨ ᠬᠢᠨ ᠪᠠᠰᠠ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠡᠰᠢᠬᠦᠳ ᠲᠠᠢ ᠶᠠᠷᠢᠯᠴᠠᠬᠤ ᠬᠤᠷᠠᠯ ᠬᠢᠵᠦ᠂ ᠲᠣᠰᠬᠤᠨ ᠤ ᠬᠥᠮᠦᠨ ᠠᠮᠠ᠂ ᠲᠠᠷᠢᠶᠠᠨ ᠭᠠᠵᠠᠷ᠂ ᠠᠵᠤ ᠦᠢᠯᠡᠰ ᠵᠡᠷᠭᠡ ᠦᠨᠳᠦᠰᠦᠨ ᠪᠠᠶᠢᠳᠠᠯ ᠵᠢᠴᠢ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠯᠠᠪᠯᠠᠨ ᠯᠠᠪᠯᠠᠭᠰᠠᠨ ᠤ ᠬᠠᠮᠳᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠤᠯᠠᠨ ᠲᠦᠮᠡᠨ ᠤ ᠳᠤᠮᠳᠠ ᠤᠯᠠᠮ   ᠭᠦᠨᠵᠡᠭᠡᠶᠢᠷᠡᠵᠦ᠂ ᠲᠣᠰᠬᠤᠨ ᠤ ᠠᠷᠠᠳ ᠤᠨ ᠬᠡᠷᠡᠭᠴᠡᠭᠡ ᠶᠢ ᠣᠨᠣᠪᠴᠢᠲᠠᠢ ᠡᠵᠡᠮᠳᠡᠨ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠫᠢᠩ ᠴᠤᠸᠠᠨ ᠲᠣᠰᠬᠤᠨ ᠤ ᠦᠷᠬᠦᠯᠵᠢᠯᠡᠭᠰᠡᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号