︽ᠳᠤᠮᠳᠠᠳᠤ ᠶᠢᠨ ᠵᠡᠭᠦᠳᠦ · ᠬᠥᠳᠡᠯᠮᠦᠷᠢ ᠶᠢᠨ ᠰᠠᠶᠢᠬᠠᠨ︾ — ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠤᠷᠠᠨ ᠪᠢᠴᠢᠯᠭᠡ ᠶᠢᠨ ᠦᠵᠡᠰᠬᠦᠯᠡᠩ ᠪᠤᠯᠵᠤ ᠦᠩᠭᠡᠷᠡᠯ᠎ᠡ
ᠨᠡᠶᠢᠲᠡᠯᠡᠭᠰᠡᠨ ᠴᠠᠭ᠄
2025/1/24
  1 ᠰᠠᠷ᠎ᠠ ᠶᠢᠨ 23᠎ ᠤ ᠡᠳᠦᠷ᠂ ︽ᠳᠤᠮᠳᠠᠳᠤ ᠶᠢᠨ ᠵᠡᠭᠦᠳᠦ · ᠬᠥᠳᠡᠯᠮᠦᠷᠢ ᠶᠢᠨ ᠰᠠᠶᠢᠬᠠᠨ︾ ᠲᠠᠶᠢᠹᠤᠰᠧ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠤᠷᠠᠨ ᠪᠢᠴᠢᠯᠭᠡ ᠶᠢᠨ ᠦᠵᠡᠰᠬᠦᠯᠡᠩ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠦᠳᠡᠯᠪᠦᠷᠢ ᠠᠵᠢᠯᠯᠠᠭᠠᠨ ᠤ ᠲᠥᠪ ᠲᠤ ᠠᠮᠵᠢᠯᠳᠠᠳᠠᠢ ᠪᠤᠯᠵᠤ ᠦᠩᠭᠡᠷᠡᠯ᠎ᠡ᠃ ᠳ᠋ᠠᠢ ᡁᠢ ᠷᠦᠢ ᠡᠬᠢᠯᠡᠯᠲᠡ ᠶᠢᠨ ᠶᠣᠰᠣᠯᠠᠯ ᠳᠤ ᠣᠷᠣᠯᠴᠠᠨ ᠪᠠᠶᠠᠷ ᠤᠨ ᠦᠭᠡ ᠬᠡᠯᠡᠵᠦ᠂ ᠯᠢᠦ ᠲᠢᠩ ᠰᠢᠦ᠂ ᠢᠦᠢ ᠴᠧᠩ ᠭᠦᠸᠧ ᠠᠵᠢᠯᠯᠠᠭ᠎ᠠ ᠳᠤ ᠣᠷᠣᠯᠴᠠᠪᠠ᠃ ᠡᠨᠡ ᠤᠳᠠᠭᠠᠨ ᠤ ᠤᠷᠠᠨ ᠪᠢᠴᠢᠯᠭᠡ ᠶᠢᠨ ᠦᠵᠡᠰᠬᠦᠯᠡᠩ ᠳᠤ ᠪᠥᠬᠦ ᠬᠤᠰᠢᠭᠤᠨ ᠤ ᠠᠵᠢᠯᠲᠠᠨ ᠠᠵᠢᠯᠴᠢᠨ ᠢᠳᠡᠪᠬᠢᠲᠡᠶ ᠤᠷᠤᠯᠴᠠᠵᠠᠭᠠᠵᠤ᠂ ᠨᠡᠶᠢᠲᠡ 105 ᠬᠤᠪᠢ ᠤᠷᠠᠨ ᠪᠦᠳᠦᠭᠡᠯ ᠢᠶᠠᠨ ᠲᠡᠪᠰᠢᠬᠦᠯᠵᠦ᠂ ᠬᠢᠨᠠᠨ ᠲᠣᠭᠲᠠᠭᠠᠬᠤ ᠺᠤᠮᠢᠰ ᠤᠨ ᠰᠢᠯᠭᠠᠷᠠᠭᠤᠯᠤᠯᠲᠠ ᠪᠠᠷ ᠲᠠᠮᠵᠢᠭᠠᠳ 90  ᠪᠦᠲᠦᠭᠡᠯ ᠢ ᠳᠡᠯᠭᠡᠨ ᠦᠵᠡᠬᠦᠯᠦᠭᠰᠡᠨ ᠪᠠᠶᠢᠨ᠎ᠠ᠃       ᠲᠠᠶᠢᠹᠤᠰᠧ ᠬᠤᠰᠢᠭᠤᠨ ᠤ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠷᠧᠨ ᠳ᠋ᠤᠤ ᠶᠤᠸᠠᠨ᠄ ︽ ᠠᠵᠢᠯᠴᠢᠨ ᠤ ᠶᠡᠷᠦᠩᠬᠡᠶ ᠡᠪᠯᠡᠯ ᠤᠨ ᠤᠷᠠᠨ ᠪᠢᠴᠢᠯᠭᠡ ᠶᠢᠨ ᠠᠩᠭᠢ ᠨᠢ 2024 ᠣᠨ ᠤ 4 ᠰᠠᠷ᠎ᠠ ᠳᠤ  ᠬᠢᠴᠢᠶᠡᠯ ᠡᠬᠢᠯᠡᠵᠦ᠂ ᠬᠤᠶᠠᠷ ᠬᠤᠭᠤᠴᠠᠭᠠᠨ ᠤ ᠰᠤᠷᠤᠯᠴᠠᠯᠭ᠎ᠠ ᠳᠤ ᠨᠡᠶᠢᠳᠡ 86 ᠬᠥᠮᠦᠨ ᠤᠳᠠᠭ᠎ᠠ ᠤᠷᠤᠯᠴᠠᠵᠠᠢ᠃ ᠰᠤᠷᠤᠯᠴᠠᠯᠭ᠎ᠠ ᠳᠤ ᠤᠷᠤᠯᠴᠠᠭᠰᠠᠨ ᠠᠵᠢᠯᠳᠠᠨ ᠠᠵᠢᠯᠴᠢᠨ ᠤ ᠤᠷᠠᠨ ᠪᠢᠴᠢᠯᠭᠡ ᠶᠢᠨ ᠲᠤᠬᠠᠶ ᠲᠠᠨᠢᠯᠲᠠ ᠮᠠᠰᠢ ᠶᠡᠭᠡ ᠳᠡᠭᠡᠭᠰᠢᠯᠡᠯᠲᠡ ᠲᠠᠢ ᠪᠣᠯᠵᠤ᠂  ᠤᠷᠠᠨ ᠪᠢᠴᠢᠯᠭᠡ ᠪᠢᠴᠢᠬᠦ ᠬᠢᠷᠢ ᠲᠦᠪᠰᠢᠨ ᠤ ᠲᠠᠯ᠎ᠠ ᠪᠠᠷ ᠴᠤ ᠶᠡᠬᠡᠬᠡᠨ ᠲᠠᠪᠰᠢᠯᠳᠠ ᠲᠠᠢ ᠪᠤᠯᠤᠭᠰᠠᠨ᠃ ᠬᠢᠴᠢᠶᠡᠯᠯᠡᠭᠴᠢ ᠪᠠᠭᠰᠢ ᠪᠣᠯᠤᠭᠰᠠᠨ ᠤ ᠬᠤᠪᠢ ᠳᠤ ᠨᠢ ᠦᠷᠬᠦᠯᠵᠢᠯᠡᠨ ᠴᠢᠷᠮᠠᠶᠢᠵᠤ ᠦᠨᠳᠦᠷ ᠠᠮᠵᠢᠯᠳᠠ ᠳᠤ ᠬᠦᠷᠬᠦ ᠶᠢ ᠬᠦᠰᠡᠵᠦ ᠪᠠᠶᠢᠨ᠎ᠠ︾᠃    ᠤᠷᠠᠨ ᠪᠢᠴᠢᠯᠭᠡᠳᠡᠨ ᠵᠠᠩ ᠵᠠᠨ ᠵᠢᠶᠦ᠋ᠨ᠄ ︽ ᠮᠢᠨᠦ ᠬᠤᠪᠢ ᠳᠤ ᠤᠷᠠᠨ ᠪᠢᠴᠢᠯᠭᠡ ᠰᠤᠷᠤᠭᠠᠳ 40 ᠭᠠᠷᠤᠶ ᠵᠢᠯ ᠪᠣᠯᠤᠯ᠎ᠠ᠂ ᠡᠨᠡ ᠤᠳᠠᠭᠠᠨ ᠤ ᠦᠵᠡᠰᠬᠦᠯᠡᠩ ᠳᠤ 10 ᠭᠠᠷᠤᠶ ᠪᠦᠳᠦᠬᠡᠯ ᠢᠶᠠᠨ ᠲᠡᠯᠬᠡᠨ ᠦᠵᠡᠬᠦᠯᠵᠡᠢ᠂  ᠠᠵᠢᠯᠴᠢᠨ ᠤ  ᠶᠡᠷᠦᠩᠬᠡᠢ ᠡᠪᠯᠡᠯ ᠤᠨ ᠬᠦᠴᠦᠲᠡᠢ ᠳᠡᠮᠵᠢᠯᠭᠡ ᠳᠣᠣᠷ᠎ᠠ ᠪᠢ ᠪᠠᠰᠠ ᠥᠪᠡᠷ ᠤᠨ ᠠᠵᠢᠯᠯᠠᠬᠤ ᠦᠷᠦᠭᠡ ᠎ ᠪᠠᠨ ᠪᠠᠶᠢᠭᠤᠯᠤᠭᠰᠠᠨ᠃  ᠬᠤᠶᠢᠰᠢᠳᠠ ᠤᠷᠠᠨ ᠪᠢᠴᠢᠯᠭᠡ ᠶᠢᠨ ᠲᠠᠯ᠎ᠠ ᠪᠠᠷ ᠦᠷᠭᠦᠯᠵᠢᠯᠡᠨ ᠴᠢᠷᠮᠠᠶᠢᠵᠤ᠂  ᠨᠡᠩ ᠤᠯᠠᠨ ᠤᠷᠠᠨ ᠪᠢᠴᠢᠯᠭᠡ ᠶᠢᠨ ᠳᠤᠷ᠎ᠠ ᠪᠠᠭ᠋ᠠᠳᠠᠳ ᠢ ᠲᠠᠶᠢᠴᠢᠯᠠᠨ᠎ᠠ᠂ ᠡᠨᠡ ᠤᠳᠠᠭ᠎ᠠ ᠶᠢᠨ ᠦᠵᠡᠰᠬᠦᠯᠡᠩ ᠤᠨ ᠲᠡᠭᠦᠰ ᠠᠮᠵᠢᠯᠲᠠ ᠶᠢ ᠵᠦᠩᠨᠡᠵᠦ ᠪᠠᠶᠢᠨ᠎ᠠ︾  ᠃     ᠤᠷᠠᠨ ᠪᠢᠴᠢᠯᠭᠡ ᠶᠢᠨ ᠠᠩᠭᠢ ᠶᠢᠨ ᠰᠤᠷᠤᠭᠴᠢ ᠵᠧᠩ ᠼᠦᠢ ᠮᠢᠨ᠄ ︽ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠭᠰᠠᠨ ᠤᠷᠠᠨ ᠪᠢᠴᠢᠯᠭᠡ ᠶᠢᠨ ᠠᠩᠭᠢ ᠳᠤ ᠤᠷᠤᠯᠴᠠᠭᠠᠳ ᠪᠢ ᠤᠷᠠᠨ ᠪᠢᠴᠢᠯᠭᠡ ᠶᠢᠨ ᠲᠠᠯᠠᠪᠠᠷ ᠮᠠᠰᠢ ᠶᠡᠭᠡ ᠲᠡᠭᠡᠭᠰᠢᠯᠡᠯᠳᠡ ᠲᠠᠢ ᠪᠤᠯᠤᠭᠰᠠᠨ᠃ ᠪᠠᠭᠰᠢ ᠶᠢᠨ ᠵᠢᠯᠣᠭᠤᠳᠣᠯᠭ᠎ᠠ ᠳᠣᠤᠷ᠎ᠠ ᠥᠪᠡᠷ ᠤᠨ ᠠᠩᠬᠠᠨ ᠤ ᠪᠦᠲᠦᠭᠡᠯ ᠢᠶᠠᠨ ᠪᠦᠳᠦᠬᠡᠵᠦ᠂ ᠡᠨᠡ ᠤᠳᠠᠭᠠᠨ ᠤ ᠦᠵᠡᠰᠬᠦᠯᠡᠩ ᠳᠤ ᠲᠡᠪᠰᠢᠬᠦᠯᠦᠯ᠎ᠡ᠂ ᠡᠨᠡ ᠤᠳᠠᠭᠠᠨ ᠤ ᠬᠦᠳᠡᠯᠪᠦᠷᠢ ᠠᠵᠢᠯᠯᠠᠭ᠎ᠠ ᠎ ᠳᠤ ᠤᠷᠤᠯᠴᠠᠬᠤ ᠪᠠᠷ ᠲᠠᠮᠵᠢᠭᠠᠳ  ᠦᠷᠬᠦᠯᠵᠢᠯᠡᠨ ᠪᠢᠴᠢᠬᠦ ᠢᠲᠡᠭᠡᠯ ᠵᠣᠷᠢᠭ ᠴᠤ ᠨᠡᠮᠡᠭᠳᠡᠭᠰᠡᠨ ᠪᠠᠶᠢᠨ᠎ᠠ︾᠃      ᠡᠨᠡ ᠤᠳᠠᠭᠠᠨ ᠤ ᠦᠵᠡᠰᠬᠦᠯᠡᠩ ᠢ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂  ᠲᠠᠶᠢᠹᠤᠰᠧ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠯᠠᠨ ᠡᠷᠬᠢᠯᠡᠵᠦ᠂  ᠲᠠᠶᠢᠹᠤᠰᠧ ᠬᠤᠰᠢᠭᠤᠨ ᠤ ᠤᠷᠠᠨ  ᠪᠢᠴᠢᠯᠭᠡᠳᠡᠳ ᠤᠨ ᠨᠡᠶᠢᠭᠡᠮᠯᠢᠭ ᠠᠴᠠ ᠬᠠᠷᠢᠭᠤᠴᠠᠨ ᠡᠷᠬᠢᠯᠡᠵᠡᠢ᠃  ᠦᠵᠡᠰᠬᠦᠯᠡᠩ ᠨᠢ ᠲᠠᠶᠢᠪᠤᠰᠧ ᠬᠤᠰᠢᠭᠤᠨ ᠤ ᠠᠵᠢᠯᠳᠠᠨ ᠠᠵᠢᠯᠴᠢᠨ ᠤ ᠤᠷᠠᠨ ᠪᠢᠴᠢᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠤᠷᠠᠨ ᠪᠢᠴᠢᠯᠭᠡ ᠶᠢᠨ ᠬᠥᠭᠵᠢᠯᠲᠡ ᠶᠢ ᠠᠬᠢᠭᠤᠯᠤᠨ᠂ ᠨᠡᠩ ᠣᠯᠠᠨ ᠬᠥᠮᠥᠰ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠣᠶᠣᠯ ᠤᠨ ᠢᠲᠡᠭᠡᠯ ᠢ ᠤᠯᠠᠮ ᠪᠠᠳᠤᠳᠬᠠᠨ ᠴᠢᠩᠭᠠᠳᠬᠠᠬᠤ ᠪᠠᠷ ᠵᠤᠷᠢᠯᠭ᠎ᠠ ᠪᠠᠨ ᠪᠤᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号