ᠬᠤᠲᠠ ᠪᠠᠯᠭᠠᠰᠤᠨ ᠤ ᠳᠦᠷᠰᠦ ᠪᠠᠶᠢᠳᠠᠯ ᠦᠷᠭᠦᠯᠵᠢᠯᠡᠨ ᠰᠢᠨᠡᠳᠦᠭᠰᠡᠨ᠃ 34.2 ᠺᠢᠯᠤᠮᠧᠲᠷ ᠢᠯᠴᠢ | ᠬᠠᠩᠭᠠᠬᠤ ᠬᠤᠭᠤᠯᠠᠢ ᠶᠢ ᠰᠢᠨ᠎ᠡ ᠪᠠᠷ ᠤᠭᠰᠠᠷᠠᠨ᠂ 8.5 ᠺᠢᠯᠤᠮᠧᠲᠷ ᠪᠣᠷᠣᠭᠠᠨ ᠤ ᠤᠰᠤ ᠤᠷᠤᠰᠬᠠᠬᠤ ᠬᠤᠭᠤᠯᠠᠢ᠂ | 9.2 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠥᠭᠡᠷᠡᠴᠢᠯᠡᠨ ᠰᠠᠶᠢᠵᠢᠷᠠᠭᠤᠯᠵᠤ᠂ 6 ᠰᠠᠭᠤᠷᠢ ᠢᠯᠴᠢ | ᠰᠤᠯᠢᠭᠳᠠᠭᠤᠯᠬᠤ ᠥᠷᠲᠡᠭᠡ ᠶᠢ ᠰᠢᠨ᠎ᠡ ᠪᠠᠷ ᠪᠠᠶᠢᠭᠤᠯᠪᠠ᠃ ᠰᠢᠩ ᠳ᠋ᠠ ᠬᠤᠸᠠ ᠶᠤᠸᠠᠨ ᠰᠠᠭᠤᠭᠠᠯᠢ ᠲᠣᠭᠤᠷᠢᠭ ᠤᠨ | ᠦᠬᠡᠷᠡᠴᠢᠯᠡᠯᠳᠡ ᠶᠢ ᠬᠢᠵᠦ᠂ 142 ᠲᠦᠮᠡᠨ ᠲᠥᠭᠦᠷᠢᠭ ᠤᠨ ᠲᠦᠷᠢᠶᠡᠰᠦᠨ ᠨᠥᠬᠦᠪᠥᠷᠢ ᠶᠢ ᠤᠯᠭᠤᠵᠠᠢ᠃ | ᠲᠠᠶᠢᠹᠤᠰᠧ ᠬᠤᠰᠢᠭᠤᠨ ᠠᠴᠠ ᠰᠢᠯᠣᠭᠤᠨ ᠬᠦᠪᠡᠭᠡᠳᠦ ᠴᠠᠭᠠᠨ ᠬᠤᠰᠢᠭᠤ ᠬᠦᠷᠬᠦ ᠨᠡᠶᠢᠳᠡ ᠶᠢᠨ ᠮᠠᠰᠢᠨ ᠤ ᠵᠠᠮ | ᠱᠤᠭᠤᠮ ᠢ ᠨᠡᠪᠳᠡᠷᠡᠭᠦᠯᠵᠣ᠂ 7 ᠰᠠᠤᠷᠢ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠢ ᠲᠤᠬᠢᠷᠠᠭᠤᠯᠤᠭᠰᠠᠨ ᠤ | ᠬᠠᠮᠳᠤ ᠢᠵᠢ ᠪᠦᠷᠢᠳᠦᠭᠰᠡᠨ ᠲᠡᠷᠭᠡᠨ ᠵᠣᠭᠰᠣᠭᠠᠯ 121 ᠶᠢ ᠭᠠᠷᠭᠠᠵᠤ ᠂ ᠴᠠᠬᠢᠯᠭᠠᠨ ᠴᠡᠨᠡᠭᠯᠡᠬᠦ ᠦᠷᠳᠡᠭᠡ 5 ᠶᠢ | ᠪᠠᠶᠢᠭᠤᠯᠤᠨ᠂ ᠴᠠᠬᠢᠯᠭᠠᠨ ᠴᠡᠨᠡᠭᠯᠡᠬᠦ ᠱᠣᠩ 21 ᠶᠢ ᠤᠭᠰᠠᠷᠠᠭᠠᠳ᠂ ᠬᠤᠳᠠ ᠪᠠᠯᠭᠠᠰᠣᠨ ᠤ ᠰᠠᠭᠤᠷᠢ | ᠲᠦᠬᠦᠭᠡᠷᠦᠮᠵᠢ ᠶᠢ ᠣᠯᠠᠮ ᠲᠡᠬᠦᠯᠳᠡᠷᠵᠢᠬᠦᠯᠦᠭᠰᠡᠨ ᠪᠠᠶᠢᠨ᠎ᠠ᠃ ᠬᠤᠲᠠ ᠪᠠᠯᠭᠠᠰᠤᠨ ᠤ ᠨᠠᠷᠢᠯᠢᠬᠵᠢᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ᠂ ᠲᠤᠷ᠎ᠠ ᠪᠠᠷ ᠢᠶᠠᠨ ᠠᠯᠠᠵᠤ ᠨᠢᠲᠤᠯᠬᠤ᠂ | ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠳᠠᠢ ᠴᠡᠭᠴᠡᠯᠡᠨ᠂ 27 ᠠᠳᠠᠯ | ᠠᠬᠤᠶ ᠶᠢᠨ ᠠᠵᠤ ᠠᠬᠤᠶᠢᠯᠠᠯ ᠢ ᠰᠢᠯᠢ ᠶᠢᠨ ᠭᠤᠤᠯ ᠠᠶᠢᠮᠠᠭ ᠤᠨ ᠠᠳᠠᠯ ᠠᠬᠤᠶ ᠶᠢᠨ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠲᠠᠪᠴᠠᠩ ᠳᠤ ᠤᠷᠤᠭᠤᠯᠤᠭᠰᠠᠨ ᠪᠦᠭᠡᠳ ᠪᠤᠤᠴᠠᠩ ᠤᠨ ᠲᠠᠷᠢᠶᠠᠯᠠᠩ ᠤᠨ ᠠᠷᠠᠯᠵᠢᠶᠠᠨ ᠤ ᠲᠣᠮᠣ | ᠵᠠᠬ᠎ᠠ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠭᠠᠳ᠂ ᠵᠠᠮ ᠡᠵᠡᠯᠡᠵᠦ ᠠᠷᠠᠯᠵᠢᠶ᠎ᠠ ᠬᠢᠳᠡᠭ ᠲᠦᠴᠢᠭᠡᠳ | ᠵᠢᠯ ᠤᠨ ᠲᠡᠤᠬᠡ ᠶᠢ ᠡᠴᠦᠰᠯᠡᠭᠦᠯᠵᠦ᠂ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠤᠭᠰᠠᠨ ᠪᠠᠶᠢᠨ᠎ᠠ᠃ |