ᠠᠷᠠᠳ ᠤᠨ ᠠᠮᠢᠳᠤᠷᠠᠯ ᠤᠨ ᠪᠠᠲᠤᠯᠠᠭ᠎ᠠ ᠲᠣᠭᠲᠠᠭᠤᠨ ᠢᠶᠠᠷ ᠲᠡᠭᠡᠭᠰᠢᠯᠡᠭᠰᠡᠨ᠃ ᠪᠥᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠭᠰᠠᠨ ᠬᠥᠮᠦᠨ ᠤ ᠲᠤᠭ᠎ᠠ ᠲᠤᠰᠪᠤᠷᠢ 16.3 ᠲᠦᠮᠡ ᠪᠠ 13.2 ᠲᠦᠮᠡ ᠳᠤ ᠬᠦᠷᠴᠦ᠂ ᠡᠯ᠎ᠡ ᠵᠦᠢᠯ ᠤᠨ | ᠳᠠᠭᠠᠳᠬᠠᠯ ᠤᠨ ᠲᠥᠷᠥᠯ ᠵᠦᠢᠯ ᠨᠢ ᠪᠦᠷ ᠬᠡᠪᠴᠢᠶ᠎ᠡ ᠥᠷᠭᠡᠳᠬᠡᠬᠦ ᠵᠢᠯ ᠤᠨ ᠡᠭᠦᠷᠭᠡ ᠪᠠᠨ ᠳᠠᠪᠠᠭᠤᠯᠤᠨ | ᠪᠡᠶᠡᠯᠡᠬᠦᠯᠵᠡᠢ᠃ ᠨᠡᠶᠢᠭᠡᠮ ᠤᠨ ᠠᠪᠤᠷᠠᠨ ᠲᠤᠰᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠵᠡᠮᠳᠡᠭᠴᠤᠤᠯ ᠤᠨ ᠠᠰᠠᠷᠠᠮᠵᠢ᠂ ᠣᠨᠴᠠ ᠬᠦᠴᠢᠷᠳᠡᠯᠲᠡᠶ | ᠬᠦᠮᠦᠰ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠳᠡ 1.26 ᠳ᠋ᠦᠩᠰᠢᠭᠤᠷ ᠲᠥᠭᠦᠷᠢᠭ ᠲᠠᠷᠬᠠᠭᠠᠵᠤ᠂ | ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠠᠰᠠᠷᠠᠨ ᠬᠠᠷᠠᠭᠠᠯᠵᠠᠬᠤ ᠨᠢᠭᠤᠷᠯᠠᠯ ᠤᠨ ᠬᠠᠷᠠᠭᠠᠯᠵᠠᠯ | ᠤᠨ ᠮᠦᠩᠬᠦ᠂ ᠣᠷᠣᠨ ᠨᠤᠲᠤᠭ ᠤᠨ ᠠᠵᠤ ᠠᠬᠤᠶ ᠶᠢᠨ ᠨᠥᠬᠦᠪᠥᠷᠢ ᠶᠢ ᠨᠡᠶᠢᠳᠡ 1161.7 ᠲᠦᠮᠡᠨ ᠲᠥᠭᠦᠷᠢᠭ | ᠲᠠᠷᠬᠠᠭᠠᠪᠠ᠃ ᠭᠤᠷᠪᠠᠨ ᠲᠠᠪᠬᠤᠷ ᠪᠠᠲᠤᠯᠠᠭ᠎ᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠰᠠᠭᠤᠷᠢ | ᠮᠥᠩᠭᠦ ᠶᠢᠨ ᠵᠠᠷᠤᠯᠭ᠎ᠠ ᠨᠡᠶᠢᠲᠡ 4000 ᠲᠦᠮᠡᠨ ᠲᠥᠭᠦᠷᠢᠭ ᠲᠤ ᠬᠦᠷᠴᠦ᠂ 5600 ᠭᠠᠷᠤᠶ ᠬᠥᠮᠦᠨ ᠤᠳᠠᠭ᠎ᠠ | ᠳᠤ ᠠᠰᠢᠭ ᠬᠦᠷᠲᠡᠭᠡᠪᠡ᠃ ᠬᠤᠲᠠ ᠪᠠᠯᠭᠠᠰᠤᠨ ᠤ 615 ᠬᠥᠮᠦᠨ ᠳᠤ ᠰᠢᠨ᠎ᠡ ᠪᠠᠷ ᠠᠵᠢᠯ ᠣᠯᠭᠤᠵᠤ᠂ 323 | ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 38403 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ | ᠣᠯᠭᠤᠵᠤ᠂ 710 ᠬᠥᠮᠦᠨ ᠤᠳᠠᠭ᠎ᠠ ᠳᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠳᠡᠭᠡᠭᠡᠳ᠂ ᠠᠵᠢᠯ | ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠭᠰᠠᠨ ᠪᠠᠶᠢᠨ᠎ᠠ᠃ ᠠᠵᠢᠯ ᠣᠯᠵᠤ | ᠦᠢᠯᠡᠰ ᠪᠦᠳᠦᠬᠡᠬᠦ ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠢᠯᠴᠢᠨ ᠡᠯᠰᠡᠬᠦ ᠬᠤᠷᠠᠯ ᠢ 12 | ᠤᠳᠠᠭ᠎ᠠ ᠡᠷᠬᠢᠯᠡᠨ᠂ 9984 ᠠᠵᠢᠯ ᠤᠨ ᠪᠠᠶᠢᠷᠢ ᠶᠢ ᠨᠡᠭᠡᠭᠡᠵᠦ᠂ 1436 ᠲᠦᠮᠡᠨ ᠲᠥᠭᠦᠷᠢᠭ ᠤᠨ ᠦᠢᠯᠡᠰ | ᠪᠦᠳᠦᠬᠡᠬᠦ ᠪᠠᠲᠤᠯᠠᠭᠠᠲᠤ ᠵᠢᠭᠡᠯᠡᠯᠭᠡ ᠶᠢ ᠲᠠᠷᠬᠠᠭᠠᠵᠠᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠨᠠᠰᠤᠲᠠᠶᠢᠴᠤᠳ ᠲᠤ ᠵᠤᠷᠢᠭᠤᠯᠤᠭᠰᠠᠨ ᠬᠢᠮᠳᠠ ᠦᠨ᠎ᠡ ᠶᠢᠨ | ᠬᠤᠭᠤᠯᠠᠨ ᠭᠡᠷ 3 ᠶᠢ ᠪᠠᠶᠢᠭᠤᠯᠤᠭᠰᠠᠨ ᠪᠦᠭᠡᠳ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠷᠲᠡᠭᠡ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠢᠷᠭᠠᠯᠠᠩᠳᠤ ᠬᠦᠷᠢᠶᠡᠯᠡᠩ ᠢ ᠪᠦᠬᠦᠨ ᠢ | ᠪᠠᠶᠢᠭᠤᠯᠵᠤ ᠳᠠᠭᠤᠰᠬᠠᠪᠠ᠃ ︽ᠭᠤᠷᠪᠠᠨ ᠤᠷᠤᠨ ᠳᠣᠯᠣᠭᠠᠨ ᠲᠣᠭᠤᠷᠢᠭ︾ ᠤᠨ ᠬᠡᠪᠴᠢᠶᠡᠨ ᠳᠤ ᠳᠤᠷ᠎ᠠ ᠪᠠᠷ ᠢᠶᠠᠨ | ᠤᠩᠭᠤᠨ ᠪᠤᠯᠠᠰᠢ ᠭᠠᠷᠭᠠᠬᠤ ᠶᠢ ᠪᠦᠬᠦ ᠲᠠᠯ᠎ᠠ ᠪᠠᠷ ᠵᠠᠰᠠᠵᠤ᠂ 8800 ᠣᠩᠭᠤᠨ ᠪᠤᠯᠠᠰᠢ ᠶᠢ ᠮᠤᠳᠤ ᠲᠠᠷᠢᠵᠤ | ᠬᠠᠯᠬᠠᠯᠠᠭᠰᠠᠨ ᠪᠠᠶᠢᠨ᠎ᠠ᠃ ᠲᠠᠢ ᠫᠢᠩ ᠨᠡᠶᠢᠭᠡᠮ ᠲᠣᠭᠤᠷᠢᠭ ᠲᠤ ︽ᠲᠢᠶᠠᠨ ᠢ ᠤᠶᠤᠨᠴᠢ ᠨᠡᠶᠢᠭᠡᠮ ᠲᠣᠭᠤᠷᠢᠭ︾ ᠢ | ᠪᠠᠶᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠬᠦᠯᠬᠦ ᠪᠠ ᠣᠯᠠᠨ ᠲᠦᠮᠡᠨ ᠳᠤ ᠴᠢᠨᠠᠷ ᠰᠠᠶᠢᠲᠠᠶ | ᠦᠢᠯᠡᠴᠢᠯᠡᠬᠦ ᠬᠤᠤᠰ ᠬᠠᠷᠠᠯᠲᠠ ᠶᠢ ᠪᠡᠶᠡᠯᠡᠬᠦᠯᠦᠭᠡᠳ᠂ ᠪᠥᠬᠦ ᠠᠶᠢᠮᠠᠭ ᠲᠠᠭᠠᠨ ᠡᠮᠦᠨ᠎ᠡ ᠨᠢ ᠬᠤᠰᠢᠭᠤᠷᠠᠵᠠᠢ᠃ |