ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠡᠴᠦᠰ ᠤᠨ ᠵᠢᠯ ᠪᠤᠯᠤᠨ᠎ᠠ᠂ ᠡᠨᠡ ᠵᠢᠯ ᠤᠨ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠪᠠᠶᠢᠵᠤ᠂ ᠪᠢᠳᠡᠨ ᠤ ᠡᠬᠦᠷᠭᠡ ᠬᠠᠷᠢᠭᠤᠴᠠᠯᠭ᠎ᠠ ᠴᠤ ᠬᠦᠨᠳᠦ ᠨᠦᠰᠡᠷ ᠪᠠᠶᠢᠭ᠎ᠠ ᠶᠤᠮ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠢᠵᠢᠮ ᠢ ᠡᠯ᠎ᠡ ᠲᠦᠷᠦᠯ ᠤᠨ ᠠᠵᠢᠯ ᠤᠨ ᠲᠤᠮᠳᠠ | ᠲᠤᠤᠱᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠪᠥᠬᠦ ᠣᠷᠣᠨ᠂ ᠪᠥᠬᠦ ᠠᠶᠢᠮᠠᠭ᠂ | ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ᠂ | ᠰᠢᠨ᠎ᠡ ᠶᠢ ᠡᠬᠦᠳᠦᠨ ᠴᠢᠷᠮᠠᠶᠢᠨ ᠠᠵᠢᠯᠯᠠᠬᠤ ᠶᠢ ᠪᠠᠷᠢᠮᠳᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠠᠷᠠᠳ ᠤᠨ ᠠᠮᠢᠳᠤᠷᠠᠯ ᠢ ᠤᠯᠠᠮ ᠰᠠᠶᠢᠵᠢᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠦᠨ᠂ ︽ᠲᠠᠪᠤᠨ ᠶᠡᠭᠡ ᠡᠭᠦᠷᠭᠡ︾ ᠶᠢ ᠬᠦᠨᠵᠡᠬᠡᠢ ᠨᠠᠶᠢᠳᠠᠪᠤᠷᠢᠵᠢᠭᠤᠯᠵᠦ᠂ ︽ᠵᠢᠷᠭᠤᠭᠠᠨ | ᠢᠨᠵᠧᠨᠧᠷᠢᠩ︾ ᠢ ᠰᠠᠶᠢᠲᠤᠷ ᠠᠳᠬᠤᠨ᠂ ︽ᠵᠢᠷᠭᠤᠭᠠᠨ ᠠᠵᠢᠯᠯᠠᠭ᠎ᠠ︾ ᠶᠢ ᠬᠢᠨᠠᠮᠠᠭᠠᠶ ᠥᠷᠨᠢᠭᠦᠯᠵᠦ᠂ ︽ | ᠬᠥᠮᠦᠨ ᠢ ᠦᠯᠡᠳᠡᠬᠡᠬᠦ᠂ ᠬᠥᠮᠦᠨ ᠢ ᠲᠠᠳᠠᠬᠤ᠂ ᠬᠥᠮᠦᠨ ᠢ ᠬᠡᠷᠡᠭᠯᠡᠬᠦ︾ ᠶᠢᠨ ᠲᠣᠭᠤᠷᠢᠨ ᠳᠤ ᠨᠢᠭᠡ ᠪᠦᠯᠦᠭ | ᠬᠦᠴᠢᠷ ᠠᠰᠠᠭᠤᠳᠠᠯ ᠢ ᠰᠢᠢᠳᠪᠦᠷᠢᠯᠡᠨ᠂ ᠨᠢᠬᠡ ᠪᠦᠯᠦᠭ ᠪᠤᠳᠠᠳᠠᠢ ᠠᠵᠢᠯ ᠢ ᠬᠢᠵᠦ᠂ ︽ᠠᠷᠪᠠᠨ ᠲᠦᠷᠪᠡᠳᠦᠭᠡᠷ | ᠲᠠᠪᠤᠨ ᠵᠢᠯ︾ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠡᠬᠢᠯᠡᠯᠳᠡ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠤᠷᠢᠳᠴᠢᠯᠠᠨ ᠵᠢᠱᠢᠭᠰᠡᠨ ᠬᠠᠷᠠᠯᠲᠠ ᠪᠣᠯ᠄ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 6 % ᠤᠷᠴᠢᠮ ᠢᠶᠠᠷ ᠨᠡᠮᠡᠭᠳᠡᠬᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10 % | ᠤᠷᠴᠢᠮ ᠢᠶᠠᠷ ᠨᠡᠮᠡᠭᠳᠡᠬᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2 % ᠤᠷᠴᠢᠮ ᠢᠶᠠᠷ | ᠨᠡᠮᠡᠭᠳᠡᠬᠦᠯᠵᠦ᠂ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠡᠭᠡᠨ ᠠᠳᠠᠯᠢ ᠪᠠᠶᠢᠯᠭᠠᠨ᠎ᠠ ᠃ |