2024 ᠤᠨ ᠳᠤ᠂ ᠲᠠᠶᠢᠹᠤᠰᠧ ᠬᠤᠰᠢᠭᠤ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠨᠣᠪᠴᠢ ᠶᠢᠨ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ 1813 ᠵᠤᠷᠪᠤᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠲᠤᠭᠳᠠᠭᠠᠨ ᠨᠡᠶᠢᠳᠡᠯᠡᠵᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠪᠠ ᠪᠥᠬᠦ ᠶᠠᠪᠤᠴᠠ ᠶᠢ | ᠰᠦᠯᠵᠢᠶ᠎ᠡ ᠪᠠᠷ ᠭᠦᠢᠴᠡᠳᠬᠡᠬᠦ ᠨᠣᠷᠮ᠎ᠠ ᠲᠤᠰᠪᠤᠷᠢ 99.17% ᠪᠠ 93.33% ᠳᠤ ᠬᠦᠷᠴᠦ᠂ ᠬᠦᠢᠴᠡᠳᠭᠡᠬᠦ | ᠴᠠᠭ ᠢ 80.64% ᠪᠠᠷ ᠪᠤᠭᠤᠨᠢᠰᠬᠠᠵᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ | ᠠᠵᠤ ᠦᠢᠯᠡᠰ ᠬᠦᠷᠢᠶᠡᠯᠡᠩ ᠳᠠᠰᠢ ᠤᠷᠲᠤᠳᠬᠠᠬᠤ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ᠪᠠ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠥᠷᠲᠡᠭᠡ ᠶᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ | ᠣᠷᠣᠯᠠᠨ ᠭᠦᠢᠴᠡᠳᠭᠡᠬᠦ ᠪᠤᠶᠤ ᠬᠠᠪᠰᠤᠷᠤᠨ ᠭᠦᠢᠴᠡᠳᠭᠡᠬᠦ ᠬᠡᠪᠴᠢᠶᠡᠨ ᠳᠤ ᠤᠷᠤᠭᠤᠯᠤᠭᠠᠳ᠂ ᠤᠷᠤᠯᠠᠨ | ᠬᠦᠢᠴᠡᠳᠭᠡᠬᠦ ᠪᠤᠶᠤ ᠬᠠᠪᠰᠤᠷᠤᠨ ᠭᠦᠢᠴᠡᠳᠭᠡᠬᠦ ᠲᠥᠷᠥᠯ ᠵᠦᠢᠯ 76᠂ ᠣᠷᠣᠯᠠᠨ ᠭᠦᠢᠴᠡᠳᠭᠡᠬᠦ ᠬᠠᠪᠰᠤᠷᠤᠨ | ᠭᠦᠢᠴᠡᠳᠭᠡᠬᠦ ᠤᠴᠢᠷ ᠶᠠᠪᠤᠳᠠᠯ 10998 ᠶᠢ ᠪᠡᠶᠡᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ | ᠨᠢᠭᠡ ᠺᠢᠯᠤᠮᠧᠲᠷ︾ ᠢ ᠨᠡᠪᠲᠡᠷᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠭᠠᠶᠢᠯᠢ ᠰᠦᠢᠳᠬᠡᠯ ᠢ ᠨᠡᠶᠢᠳᠡ 1.7 ᠳ᠋ᠦᠩᠰᠢᠭᠤᠷ ᠲᠥᠭᠦᠷᠢᠭ ᠬᠠᠰᠤᠵᠤ ᠬᠡᠯᠳᠦᠷᠢᠬᠦᠯᠦᠭᠰᠡᠨ | ᠪᠠᠶᠢᠨ᠎ᠠ᠃ ᠡᠬᠦᠨ ᠤ ᠬᠠᠮᠳᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠭᠰᠠᠨ ᠢᠶᠠᠷ | 1547 ᠡᠷᠦᠬᠡ ᠵᠠᠬ᠎ᠠ ᠳᠡᠯᠭᠡᠭᠦᠷ ᠤᠨ ᠭᠤᠤᠯ ᠴᠣᠭᠴᠠ ᠰᠢᠨ᠎ᠡ ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠃ |