ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠨ ᠠᠳᠬᠤᠬᠤ ᠭᠡᠷᠡᠭᠳᠡᠢ᠃ ︽ᠲᠥᠷᠥᠯ | ᠵᠦᠢᠯ ᠢᠶᠠᠷ ᠲᠡᠷᠢᠬᠦᠨ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠳᠤᠳᠬᠠᠵᠤ᠂ ᠤᠯᠤᠰ ᠣᠷᠣᠨ ᠤ | ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠠᠯᠠ ᠣᠷᠣᠭᠤᠯᠤᠯᠲᠠ ᠶᠢᠨ ᠬᠠᠨᠳᠤᠰᠢ ᠶᠢ ᠠᠩᠬᠠᠷᠤᠨ᠂ ᠪᠥᠬᠦ | ᠲᠠᠯ᠎ᠠ ᠶᠢ ᠨᠢᠭᠡᠳᠦᠯᠲᠡᠶ ᠲᠥᠯᠥᠪᠯᠡᠨ᠂ ᠠᠯᠤᠰ ᠬᠡᠲᠦ ᠪᠠᠷ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠲᠤᠭᠳᠠᠭᠠᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠵᠡᠷᠭᠡ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠲᠢᠩᠬᠢᠮ ᠲᠣᠪᠴᠢᠶ᠎ᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠲᠠᠢ ᠵᠣᠯᠭᠠᠭᠤᠯᠬᠤ ᠪᠠᠨ | ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠶᠢ | ᠡᠷᠡᠮᠡᠯᠵᠡᠯᠡᠨ ᠣᠯᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠬᠥᠳᠡᠭᠡ ᠶᠢᠨ | ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠳᠠ ᠵᠡᠷᠭᠡ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ ᠨᠢᠭᠡ ᠪᠦᠯᠦᠭ ᠪᠥᠬᠦ ᠲᠠᠯ᠎ᠠ ᠶᠢᠨ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠢ ᠲᠥᠯᠥᠪᠯᠡᠨ ᠨᠦᠬᠡᠴᠡᠯᠡᠨ᠎ᠡ᠃ ᠠᠵᠤ ᠠᠬᠤᠶᠢᠯᠠᠯ ᠢ | ᠬᠠᠪᠰᠤᠷᠤᠨ ᠵᠠᠬ᠎ᠠ ᠲᠡᠯᠬᠡᠬᠦᠷ ᠲᠤ ᠬᠦᠶᠦᠵᠦ᠂ ᠵᠠᠬᠢᠶᠠᠯᠠᠭ᠎ᠠ ᠳᠤ ᠬᠦᠶᠦᠵᠦ ᠂ ᠪᠤᠳᠠᠳᠠᠢ ᠠᠷᠭ᠎ᠠ ᠪᠠᠷᠢᠯ ᠢᠶᠠᠷ ᠠᠵᠤ | ᠠᠬᠤᠶᠢᠯᠠᠯ ᠢ ᠬᠠᠪᠰᠤᠷᠬᠤ ᠠᠵᠢᠯᠯᠠᠭ᠎ᠠ ᠦᠷᠨᠢᠬᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠬᠦᠴᠦᠨ ᠵᠦᠢᠯ | ᠤᠨ ᠪᠠᠲᠤᠯᠠᠭ᠎ᠠ ᠪᠠ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢ | ᠴᠢᠩᠭᠠᠳᠬᠠᠵᠤ᠂ ᠲᠥᠷᠥᠯ ᠵᠦᠢᠯ ᠤᠨ ᠪᠠᠶᠢᠭᠤᠯᠤᠯᠲᠠ ᠶᠢᠨ ᠬᠤᠷᠳᠤᠴᠠ᠂ ᠴᠢᠨᠠᠷ ᠪᠠ ᠪᠦᠲᠦᠮᠵᠢ ᠶᠢ ᠨᠡᠮᠡᠭᠳᠡᠬᠦᠯᠦᠨ᠂ | ︽ᠲᠥᠷᠥᠯ ᠵᠦᠢᠯ ᠤᠨ ᠬᠠᠮᠢᠶᠠᠷᠤᠭᠴᠢ︾ ᠶᠢᠨ ᠬᠡᠯᠪᠡᠷᠢᠳᠦ ᠦᠢᠯᠡᠴᠢᠯᠡᠭᠡ ᠪᠠᠷ ᠲᠤᠰᠬᠠᠢ ᠠᠩᠭᠢ ᠶᠢᠨ ᠬᠢᠨ | ᠠᠬᠢᠭᠤᠯᠬᠤ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠬᠤ᠂ ᠠᠬᠤᠢ ᠲᠠᠯᠠᠪᠠᠢ ᠳᠤ ᠠᠯᠪᠠᠯᠠᠬᠤ ᠵᠡᠷᠭᠡ ᠠᠵᠢᠯ ᠤᠨ | ᠲᠣᠭᠲᠠᠴᠠ ᠶᠢ ᠴᠢᠩᠭᠠᠳᠬᠠᠵᠤ᠂ ︽ᠨᠢᠭᠡ ᠲᠦᠷᠦᠯ ᠵᠦᠢᠯ ᠤᠨ ᠨᠢᠭᠡ ᠨᠠᠷᠢᠨ ᠳᠠᠩᠰᠠ︾ ᠨᠠᠷᠢᠯᠢᠬᠵᠢᠭᠰᠠᠨ | ᠬᠠᠮᠢᠶᠠᠷᠤᠯᠳᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠬᠦᠢᠴᠡᠳᠭᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠨᠢᠬᠦᠯᠦᠨ᠂ 50 ᠭᠤᠣᠯᠳᠠᠯᠭ᠎ᠠ ᠲᠠᠢ ᠲᠥᠷᠥᠯ ᠵᠦᠢᠯ ᠤᠨ | ᠪᠠᠶᠢᠭᠤᠯᠤᠯᠳᠠ ᠶᠢ ᠡᠬᠢᠯᠡᠬᠦᠯᠵᠦ᠂ 22.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠬᠦᠯᠦᠨ᠎ᠡ᠃ |