2025 ᠣᠨ ᠤ ᠠᠵᠢᠯ ᠤᠨ ᠪᠠᠶᠢᠷᠢᠯᠠᠭᠤᠯᠤᠯᠳᠠ — 9
ᠨᠡᠶᠢᠲᠡᠯᠡᠭᠰᠡᠨ ᠴᠠᠭ᠄
2025/1/24
  ᠬᠤᠲᠠ ᠪᠠᠯᠭᠠᠰᠤᠨ ᠤ ᠭᠡᠪ ᠴᠢᠨᠠᠷ ᠢ ᠬᠦᠴᠦᠯᠡᠨ ᠲᠡᠩᠰᠢᠯᠡᠬᠦᠯᠬᠦ ᠭᠡᠷᠡᠭᠳᠡᠢ᠃ ᠮᠤᠬᠤᠷ ᠵᠠᠮ ᠢ ᠨᠡᠪᠳᠡᠷᠡᠬᠦᠯᠬᠦ᠂ ᠢᠯᠴᠢ ᠬᠠᠩᠭᠠᠬᠤ᠂ ᠤᠰᠤ ᠬᠠᠩᠭᠠᠬᠤ᠂ ᠰᠢᠲᠠᠮᠠᠬᠠᠶ ᠬᠡᠢ ᠬᠠᠩᠭᠠᠬᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ᠂ ᠲᠠᠷᠢᠵᠤ ᠨᠣᠭᠤᠭᠠᠷᠠᠭᠤᠯᠬᠤ ᠵᠡᠷᠭᠡ ᠬᠤᠲᠠ ᠶᠢᠨ ᠶᠠᠪᠤᠳᠠᠯ ᠤᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠬᠦᠭᠡᠷᠦᠮᠵᠢ ᠶᠢᠨ ᠰᠢᠨᠡᠴᠢᠯᠡᠯᠲᠡ᠂ ᠭᠤᠸᠠᠩ ᠮᠢᠩ ᠰᠠᠭᠤᠭᠠᠯᠢ ᠲᠣᠭᠤᠷᠢᠭ ᠪᠣᠯᠤᠨ ᠢ ᠮᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠦᠬᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠦᠪᠯᠡᠷᠡᠬᠦᠯᠦᠨ᠂ ᠪᠣᠯᠪᠠᠰᠤᠨ ᠵᠠᠮ ᠬᠠᠷᠢᠯᠴᠠᠭ᠎ᠠ᠂ ᠬᠤᠲᠠ ᠶᠢᠨ ᠦᠩᠭᠡ ᠲᠦᠷᠬᠦ  ᠂ ᠲᠡᠷᠭᠡᠨ ᠵᠤᠭᠰᠤᠭᠠᠯ ᠵᠡᠷᠭᠡ ᠶᠢᠨ ᠲᠦᠷᠢᠮᠵᠢᠬᠦᠯᠦᠨ ᠰᠠᠶᠢᠵᠢᠷᠠᠭᠤᠯᠬᠤ ᠠᠵᠢᠯᠯᠠᠭ᠎ᠠ ᠶᠢ ᠶᠡᠬᠡᠪᠡᠷ ᠠᠬᠢᠭᠤᠯᠵᠤ᠂  ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠳᠤᠷ᠎ᠠ ᠪᠠᠷ ᠢᠶᠠᠨ ᠠᠯᠠᠵᠤ ᠨᠢᠲᠤᠯᠬᠤ᠂ ᠲᠠᠭᠤ ᠱᠤᠤᠭᠢᠶᠠᠨ ᠭᠠᠷᠭᠠᠵᠤ ᠠᠷᠠᠳ ᠢᠷᠭᠡᠳ ᠢ ᠦᠢᠮᠡᠭᠦᠯᠬᠦ ᠵᠡᠷᠭᠡ ᠦᠢᠯᠡ ᠠᠵᠢᠯᠯᠠᠭ᠎ᠠ ᠶᠢ ᠬᠦᠴᠦᠲᠡᠶ ᠴᠡᠭᠴᠡᠯᠡᠨ᠂ ᠬᠤᠲᠠ ᠶᠢᠨ ᠲᠣᠭᠤᠷᠢᠭ ᠤᠨ ᠨᠠᠷᠢᠯᠢᠬᠵᠢᠭᠰᠠᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃  ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠠᠵᠢᠯᠯᠠᠭ᠎ᠠ ᠦᠷᠨᠢᠬᠦᠯᠵᠦ᠂ ᠲᠤᠰᠬᠠᠶᠢᠵᠢᠭᠰᠠᠨ ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠶ ᠤᠷᠢᠵᠤ ᠣᠷᠣᠭᠤᠯᠤᠨ᠂ ᠠᠳᠠᠯ ᠠᠬᠤᠶ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠴᠢᠨᠠᠷ ᠢ ᠲᠡᠭᠡᠭᠰᠢᠯᠡᠬᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号