2025 ᠣᠨ ᠤ ᠠᠵᠢᠯ ᠤᠨ ᠪᠠᠶᠢᠷᠢᠯᠠᠭᠤᠯᠤᠯᠳᠠ — 10
ᠨᠡᠶᠢᠲᠡᠯᠡᠭᠰᠡᠨ ᠴᠠᠭ᠄
2025/1/24
 ᠬᠥᠳᠡᠭᠡ ᠲᠤᠰᠬᠤᠨ ᠤ ᠣᠷᠴᠢᠨ ᠲᠤᠭᠤᠷᠢᠨ ᠢ ᠶᠡᠬᠡᠪᠡᠷ  ᠰᠠᠶᠢᠵᠢᠷᠠᠭᠤᠯᠬᠤ ᠬᠡᠷᠡᠭᠲᠡᠶ᠃ ᠲᠠᠢ ᠽᠢ ᠴᠧᠩ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠳᠥᠷᠪᠡᠨ ᠰᠠᠶᠢᠨᠳᠠᠢ ᠬᠥᠳᠡᠭᠡ ᠶᠢᠨ ᠵᠠᠮ︾   ᠤᠨ ᠪᠠᠶᠢᠭᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠂ 2 ᠲᠣᠰᠬᠤᠨ ᠳᠤ ᠨᠡᠶᠢᠳᠡ ᠤᠷᠳᠤ ᠨᠢ 36 ᠺᠢᠯᠤᠮᠧᠲᠷ ᠤᠨ ᠬᠤᠣᠰ ᠴᠢᠭᠯᠡᠯ ᠢᠶᠠᠷ ᠲᠡᠷᠭᠡ ᠨᠡᠪᠲᠡᠷᠡᠬᠦ ᠵᠠᠰᠠᠮᠠᠯ ᠵᠠᠮ ᠢ ᠪᠠᠶᠢᠭᠤᠯᠵᠤ᠂ ᠦᠴᠢ ᠤᠪᠤᠭ᠎ᠠ ᠠᠴᠠ ᠬᠠᠰᠢᠶᠠᠲᠤ ᠬᠦᠷᠬᠦ᠂  ᠬᠤᠩ ᠵᠢᠩ ᠠᠴᠠ ᠨᠠᠨ ᠳ᠋ᠢ ᠹᠠᠩ ᠬᠦᠷᠬᠦ 27.3 ᠺᠢᠯᠤᠮᠧᠲᠷ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠥᠷᠭᠡᠳᠬᠡᠵᠤ᠂  90 ᠺᠢᠯᠤᠮᠧᠲᠷ ᠤᠷᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ  ᠬᠠᠮᠠᠭᠠᠯᠠᠨ᠎ᠠ᠃  ᠬᠦᠳᠡᠭᠡ ᠲᠤᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂  ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ᠂ ᠤᠰᠤᠨ ᠤ ᠴᠢᠨᠠᠷ ᠢ ᠳᠡᠭᠡᠭᠰᠢᠯᠡᠭᠦᠯᠬᠦ ᠪᠠᠲᠤᠯᠠᠭ᠎ᠠ ᠶᠢᠨ ᠢᠨᠵᠧᠨᠧᠷᠢᠩ 5 ᠶᠢ ᠬᠡᠷᠡᠭᠵᠢᠭᠦᠯᠦᠨ᠎ᠡ᠃ ᠴᠠᠬᠢᠯᠭᠠᠨ ᠬᠠᠩᠭᠠᠬᠤ ᠴᠢᠨᠠᠷ ᠤᠨ ᠪᠠᠳᠤᠯᠠᠭᠠᠨ ᠤ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠢᠩ ᠱᠧᠩ ᠲᠤᠰᠬᠤᠨ᠂  ᠬᠤᠩ ᠱᠧᠩ ᠲᠤᠰᠬᠤᠨ ᠤ 35 ᠺᠢᠯᠣᠸᠠᠲ ᠤᠨ ᠬᠦᠴᠦᠳᠡᠯ ᠥᠭᠡᠷᠡᠴᠢᠯᠡᠬᠦ  ᠢᠨᠵᠧᠨᠧᠷᠢᠩ᠂ ᠬᠤᠲᠠ ᠬᠦᠳᠡᠭᠡ ᠶᠢᠨ ᠴᠠᠬᠢᠯᠭᠠᠨ ᠬᠦᠴᠦᠨ ᠤ ᠦᠬᠡᠷᠡᠴᠢᠯᠡᠯᠳᠡ ᠶᠢᠨ ᠢᠨᠵᠧᠨᠧᠷᠢᠩ ᠵᠡᠷᠭᠡ ᠶᠢ ᠬᠡᠷᠡᠭᠵᠢᠭᠦᠯᠦᠨ᠎ᠡ᠃ ᠰᠦᠯᠵᠢᠶᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 5G ᠶᠢᠨ ᠰᠠᠭᠤᠷᠢ ᠥᠷᠲᠡᠭᠡ 33 ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠰᠠᠶᠢᠵᠢᠷᠠᠭᠤᠯᠤᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号