ᠣᠷᠴᠢᠨ ᠲᠣᠭᠤᠷᠢᠨ ᠤ ᠪᠣᠬᠢᠷᠲᠤᠯ ᠤᠨ ᠰᠡᠷᠭᠡᠶᠢᠯᠡᠨ ᠵᠠᠰᠠᠬᠤ ᠠᠵᠢᠯ ᠢ ᠬᠦᠨᠵᠡᠬᠡᠶᠢᠷᠡᠬᠦᠯᠬᠦ ᠭᠡᠷᠡᠭᠳᠡᠢ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠡᠭᠡᠯᠵᠢ ᠶᠢᠨ ᠱᠠᠭᠠᠷᠳᠠᠨ ᠪᠠᠶᠢᠴᠠᠭᠠᠬᠤ ᠡᠯ᠎ᠡ | ᠲᠦᠷᠦᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠴᠡᠯᠮᠡᠭ ᠣᠭᠲᠠᠷᠭᠤᠢ᠂ ᠴᠡᠩᠭᠡᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠰᠢᠳᠠᠭᠠᠬᠤ ᠶᠢ | ᠴᠠᠭᠠᠵᠠᠯᠠᠬᠤ᠂ ᠪᠣᠬᠢᠷᠲᠤᠯ ᠢ ᠪᠠᠭᠠᠰᠬᠠᠬᠤ᠂ ᠤᠳᠤᠭ᠎ᠠ ᠲᠤᠭᠤᠰᠤ ᠶᠢ ᠬᠢᠵᠠᠭᠠᠷᠯᠠᠬᠤ ᠬᠠᠮᠢᠶᠠᠷᠤᠯᠳᠠ ᠶᠢᠨ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ ᠭᠤᠤᠯ ᠤᠨ ᠤᠷᠤᠰᠬᠠᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠶᠢ ᠪᠦᠬᠦ ᠲᠠᠯ᠎ᠠ | ᠪᠠᠷ ᠪᠠᠶᠢᠴᠠᠭᠠᠨ ᠴᠡᠭᠴᠡᠯᠡᠵᠦ᠂ ᠬᠠᠤᠯᠢ ᠲᠦᠷᠢᠮ ᠵᠦᠷᠢᠴᠡᠵᠦ ᠲᠤᠷ᠎ᠠ ᠪᠠᠷ ᠢᠶᠠᠨ ᠪᠠᠶᠢᠭᠤᠯᠤᠭᠰᠠᠨ ᠭᠡᠷ ᠪᠠᠷᠢᠯᠭ᠎ᠠ ᠶᠢ | ᠨᠤᠷᠠᠭᠠᠵᠤ ᠨᠡᠬᠦᠯᠭᠡᠨ᠂ ᠬᠠᠭᠠᠯᠪᠤᠷᠢᠯᠠᠨ ᠲᠠᠷᠢᠬᠤ ᠶᠢ ᠴᠠᠭᠠᠵᠠᠯᠠᠵᠤ᠂ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠦᠷᠬᠦᠯᠵᠢᠯᠡᠨ 100% ᠳᠤ ᠪᠠᠲᠤᠯᠠᠨ᠎ᠠ᠃ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠤᠨ ︽ᠲᠦᠷᠪᠡ ᠶᠢ ᠬᠢᠵᠠᠭᠠᠷᠯᠠᠬᠤ︾ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ᠂ ᠮᠠᠯ ᠵᠢᠭᠦᠷᠲᠡᠨ ᠤ ᠢᠯᠭᠠᠳᠠᠰᠤ | ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠳᠠ ᠪᠠ ᠵᠠᠰᠠᠯᠳᠠ ᠶᠢᠨ | ᠬᠢᠷᠢ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠬᠤᠭᠤᠯᠠᠨ ᠬᠡᠷ ᠤᠨ ᠬᠤᠭ ᠨᠣᠪᠰᠢ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 300 | ᠡᠷᠦᠬᠡ ᠳᠤ ︽ᠨᠡᠭᠦᠷᠡᠰᠦ ᠶᠢ ᠴᠠᠬᠢᠯᠭᠠᠨ ᠪᠤᠯᠭᠠᠬᠤ︾ ᠴᠡᠪᠡᠷ ᠡᠨᠧᠷᠬᠢ ᠶᠢᠨ ᠳᠤᠯᠠᠭᠠᠯᠠᠭ᠎ᠠ ᠶᠢᠨ ᠦᠬᠡᠷᠡᠴᠢᠯᠡᠯᠳᠡ ᠶᠢ | ᠬᠢᠨ᠎ᠡ᠃ |