ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠬᠤ ᠭᠡᠷᠡᠭᠳᠡᠢ᠃ ᠠᠭᠤᠯᠠ ᠤᠰᠤ ᠤᠢ ᠮᠣᠳᠣ | ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠡᠷᠡᠮᠡᠯᠵᠡᠯᠡᠨ ᠮᠡᠳᠡᠭᠦᠯᠵᠦ᠂ 10 ᠲᠦᠮᠡᠨ ᠮᠦ | ᠲᠠᠴᠢᠷᠰᠢᠭᠰᠠᠨ ᠨᠤᠲᠤᠭ ᠪᠡᠯᠴᠢᠭᠡᠷ ᠢ ᠰᠡᠷᠭᠦᠭᠡᠬᠦ᠂ 6 ᠲᠦᠮᠡᠨ ᠮᠦ ᠤᠢ ᠮᠤᠳᠤ ᠶᠢ ᠠᠷᠠᠴᠢᠯᠠᠨ ᠪᠤᠶᠢᠵᠢᠭᠤᠯᠬᠤ᠂ | 1 ᠲᠦᠮᠡᠨ ᠮᠦ ᠪᠣᠳᠠ ᠮᠣᠳᠣ ᠶᠢ ᠲᠠᠷᠢᠵᠤ ᠣᠶᠢᠵᠢᠭᠤᠯᠬᠤ ᠠᠵᠢᠯ ᠢ ᠬᠢᠨ᠎ᠡ ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ᠂ ᠪᠡᠯᠴᠢᠭᠡᠷ ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠲᠤᠭᠳᠠᠭᠠᠯ ᠪᠣᠯᠤᠨ ᠠᠮᠢ ᠠᠬᠤᠶ | ᠶᠢᠨ ᠬᠠᠮᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠭᠡᠷᠡᠭᠵᠢᠬᠦᠯᠵᠦ᠂ ︽ᠣᠶ | ᠰᠢᠭᠤᠶ ᠨᠤᠳᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠬᠤᠯᠠᠭᠠᠢ ᠪᠠᠷ | ᠪᠡᠯᠴᠢᠭᠡᠷᠯᠡᠬᠦᠯᠬᠦ᠂ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠬᠤ᠂ ᠳᠤᠷ᠎ᠠ ᠪᠠᠷ ᠢᠶᠠᠨ ᠴᠠᠪᠴᠢᠵᠤ ᠣᠭᠲᠣᠯᠬᠤ | ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠬᠦᠨ᠎ᠡ᠃ ︽ᠤᠰᠤ ᠠᠷᠪᠢᠯᠠᠬᠤ | ᠠᠵᠢᠯᠯᠠᠭ᠎ᠠ︾ ᠶᠢ ᠪᠦᠬᠦ ᠲᠠᠯᠠᠪᠠᠷ ᠦᠷᠨᠢᠬᠦᠯᠵᠦ᠂ ︽ᠴᠠᠬᠢᠯᠭᠠᠨ ᠢ ᠬᠡᠮᠵᠢᠵᠦ ᠤᠰᠤ ᠶᠢ ᠪᠤᠳᠤᠬᠤ ︾ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠡᠯᠬᠡᠷᠡᠬᠦᠯᠦᠨ᠂ ᠲᠠᠷᠢᠶᠠᠯᠠᠩ ᠳᠤ ᠭᠡᠷᠡᠭᠯᠡᠬᠦ ᠤᠰᠤᠨ ᠤ | ᠰᠦᠢᠳᠭᠡᠯ ᠢ ᠬᠤᠷᠢᠶᠠᠵᠤ ᠲᠤᠰᠢᠶᠠᠬᠤ ᠪᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠪᠡᠷᠳᠡᠭᠡᠨ | ᠪᠡᠯᠡᠳᠭᠡᠭᠰᠡᠨ ᠬᠤᠳᠳᠤᠭ ᠤᠰᠤᠨ ᠤ ᠪᠤᠬᠢᠷᠳᠤᠯ ᠭᠠᠳᠠᠭᠰᠢᠯᠠᠭᠤᠯᠬᠤ ᠬᠠᠮᠢᠶᠠᠷᠤᠯᠳᠠ ᠶᠢ ᠴᠢᠩᠭᠠᠳᠬᠠᠵᠤ᠂ | ᠲᠦᠷᠢᠮ ᠲᠣᠭᠲᠠᠭᠠᠯ ᠠᠴᠠ ᠵᠥᠷᠢᠴᠡᠨ ᠭᠠᠵᠠᠷ ᠳᠣᠤᠷᠠᠬᠢ ᠤᠰᠤ ᠶᠢ ᠭᠡᠷᠡᠭᠯᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠪᠣᠷᠣᠭᠠᠨ ᠤ ᠤᠰᠤ ᠶᠢ ᠬᠠᠳᠠᠭᠠᠯᠠᠨ ᠠᠰᠢᠭᠯᠠᠬᠤ ᠢᠨᠵᠧᠨᠧᠷᠢᠩ ᠤᠨ ᠲᠥᠯᠥᠪᠵᠢᠭᠦᠯᠭᠡ ᠶᠢ | ᠡᠬᠢᠯᠡᠭᠦᠯᠵᠦ᠂ ᠲᠠᠷᠢᠶᠠᠯᠠᠩ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠳᠤ ᠲᠤᠯᠭᠠᠭᠤᠷᠢᠯᠠᠯ ᠬᠠᠩᠭᠠᠨ᠎ᠠ᠃ ︽ | ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠭᠤᠤᠯ ᠤᠨ ᠤᠷᠴᠢᠨ ᠲᠤᠭᠤᠷᠢᠨ ᠤ ︽ᠳᠥᠷᠪᠡᠨ ᠦᠵᠡᠭᠳᠡᠯ ᠢ ᠴᠡᠭᠴᠡᠯᠡᠬᠦ︾ ᠶᠢ ᠪᠠᠶᠢᠩᠭᠤ ᠶᠢᠨ ᠴᠢᠨᠠᠷᠳᠠᠢ | ᠰᠠᠶᠢᠲᠤᠷ ᠠᠳᠬᠤᠨ᠂ 40 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ ᠶᠢ ᠬᠢᠨ᠎ᠡ᠃ | ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠦᠷᠨᠢᠬᠦᠯᠦᠨ᠂ 25.4 ᠾᠧᠺᠲ᠋ᠠᠷ | ᠠᠭᠤᠷᠬᠠᠶ ᠶᠢᠨ ᠣᠷᠴᠢᠨ ᠲᠣᠭᠤᠷᠢᠨ ᠢ ᠵᠠᠰᠠᠵᠤ᠂ 1.3 ᠾᠧᠺᠲ᠋ᠠᠷ ᠪᠣᠬᠢᠷᠲᠤᠯ ᠥᠬᠡᠶ ᠠᠭᠤᠷᠬᠠᠶ ᠶᠢᠨ | ᠪᠠᠶᠢᠭᠤᠯᠤᠯᠲᠠ ᠶᠢ ᠬᠢᠨ᠎ᠡ᠃ |