2025 ᠣᠨ ᠤ ᠠᠵᠢᠯ ᠤᠨ ᠪᠠᠶᠢᠷᠢᠯᠠᠭᠤᠯᠤᠯᠳᠠ — 13
ᠨᠡᠶᠢᠲᠡᠯᠡᠭᠰᠡᠨ ᠴᠠᠭ᠄
2025/1/24
  ᠨᠡᠶᠢᠭᠡᠮ ᠤᠨ ᠪᠠᠳᠤᠯᠠᠭᠠᠨ ᠤ ᠴᠢᠳᠠᠪᠤᠷᠢ ᠶᠢ ᠲᠠᠰᠤᠷᠠᠯᠲᠠ ᠦᠬᠡᠢ ᠲᠡᠭᠡᠭᠰᠢᠯᠡᠬᠦᠯᠬᠦ ᠭᠡᠷᠡᠭᠳᠡᠢ᠃  ᠦᠢᠯᠡᠰ ᠪᠦᠳᠦᠬᠡᠵᠦ ᠠᠵᠢᠯ ᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠨ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠪᠠᠯᠭᠠᠰᠤᠨ ᠤ ᠠᠵᠢᠯ ᠣᠯᠬᠤ ᠳᠤ ᠬᠦᠴᠢᠷᠲᠡᠶ ᠬᠥᠮᠦᠰ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢᠨ ᠬᠥᠮᠦᠰ ᠤᠨ ᠠᠵᠢᠯ ᠣᠯᠬᠤ ᠠᠷᠭ᠎ᠠ ᠵᠠᠮ ᠢ ᠬᠦᠴᠦᠯᠡᠨ ᠥᠷᠭᠡᠳᠬᠡᠵᠦ᠂ ᠬᠦᠯᠦᠰᠦᠨ ᠠᠵᠢᠯᠴᠢᠨ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠬᠤ ᠶᠢ ᠲᠤᠭᠳᠠᠪᠤᠷᠢᠵᠢᠭᠤᠯᠤᠨ᠂ ᠬᠤᠲᠠ ᠪᠠᠯᠭᠠᠰᠤᠨ ᠤ 600 ᠬᠥᠮᠦᠨ ᠳᠤ ᠰᠢᠨ᠎ᠡ ᠪᠠᠷ ᠠᠵᠢᠯ ᠣᠯᠭᠤᠵᠤ᠂ 700 ᠬᠥᠮᠦᠨ ᠤᠳᠠᠭ᠎ᠠ ᠳᠤ ᠮᠡᠷᠭᠡᠵᠢᠯ ᠤᠨ ᠪᠣᠯᠪᠠᠰᠤᠷᠠᠯ ᠬᠦᠷᠳᠡᠭᠡᠨ᠂ 800 ᠲᠦᠮᠡᠨ ᠲᠥᠭᠦᠷᠢᠭ ᠤᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ ᠲᠠᠷᠬᠠᠭᠠᠨ᠎ᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ᠂ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂  ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠦᠷᠭᠡᠳᠭᠡᠵᠦ᠂ ᠬᠦᠴᠢᠷᠳᠡᠯᠲᠡᠢ ᠣᠯᠠᠨ ᠲᠦᠮᠡᠨ ᠳᠤ ᠲᠦᠷ ᠴᠠᠭ  ᠤᠨ ᠠᠪᠤᠷᠠᠨ  ᠲᠤᠰᠠᠯᠠᠮᠵᠢ ᠦᠵᠡᠬᠦᠯᠬᠦ ᠶᠢ ᠴᠢᠩᠭᠠᠳᠬᠠᠨ᠂ ᠨᠠᠰᠤᠳᠠᠢ ᠨᠢᠯᠬ᠎ᠠ ᠶᠢ ᠬᠠᠶᠢᠷᠠᠯᠠᠨ ᠬᠠᠯᠠᠮᠵᠢᠯᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠤᠨ ᠪᠠᠳᠤᠯᠠᠭᠠᠨ ᠤ ᠲᠣᠤᠷ ᠢ ᠪᠠᠲᠤ ᠴᠤᠭᠴᠠᠯᠠᠨ᠎ᠠ᠃ ᠪᠣᠯᠪᠠᠰᠤᠨ ᠣᠷᠣᠰᠢᠭᠤᠯᠭ᠎ᠠ᠂ ᠵᠡᠮᠳᠡᠭᠴᠦᠳ᠂ ᠡᠮᠡᠭᠲᠡᠶᠢᠴᠦᠳ ᠬᠡᠦᠬᠡᠳ ᠪᠠᠭᠠᠴᠤᠳ᠂ ᠴᠡᠷᠢᠭ ᠠᠴᠠ ᠬᠠᠯᠠᠭᠳᠠᠭᠰᠠᠳ ᠵᠡᠷᠭᠡ  ᠶᠢᠨ ᠡᠯ᠎ᠡ  ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠪᠠᠲᠤᠯᠠᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号