ᠡᠷᠡᠭᠦᠯ ᠬᠠᠮᠠᠭᠠᠯᠠᠯ ᠰᠣᠶᠣᠯ ᠲᠠᠮᠢᠷ ᠤᠨ ᠦᠢᠯᠡᠰ ᠢ ᠲᠦᠷᠭᠡᠳᠬᠡᠨ ᠬᠦᠭᠵᠢᠬᠦᠯᠬᠦ ᠭᠡᠷᠡᠭᠳᠡᠢ᠃ ᠡᠮᠨᠡᠯᠭᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠤᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠲᠦᠪ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠢᠳᠡᠪᠬᠢᠲᠡᠶ ᠪᠠᠷ | ᠡᠷᠡᠮᠡᠯᠵᠡᠯᠡᠨ ᠮᠡᠳᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠶᠡᠷᠦᠩᠬᠡᠶᠢᠯᠡᠭᠰᠡᠨ ᠠᠰᠠᠷ᠂ | ᠬᠤᠰᠢᠭᠤ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠭᠤᠤᠯᠳᠠᠯᠭ᠎ᠠ ᠲᠠᠢ | ᠲᠤᠰᠬᠠᠶ ᠰᠠᠯᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠰᠢᠭᠤ ᠰᠤᠮᠤ ᠬᠤᠶᠠᠷ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ | ᠲᠡᠭᠡᠭᠰᠢᠯᠡᠬᠦᠯᠦᠨ ᠂ ᠪᠠᠶᠢᠩᠭᠤ ᠲᠣᠬᠢᠶᠠᠯᠳᠤᠬᠤ ᠡᠪᠡᠳᠴᠢᠨ ᠪᠠ ᠣᠯᠠᠨ ᠡᠭᠦᠰᠳᠡᠭ ᠡᠪᠡᠳᠴᠢᠨ ᠤ ᠡᠮᠴᠢᠯᠡᠨ ᠵᠠᠰᠠᠬᠤ | ᠴᠢᠳᠠᠪᠤᠷᠢ ᠶᠢ ᠴᠢᠩᠭᠠᠷᠠᠭᠤᠯᠵᠤ᠂ ︽ᠪᠠᠭ᠎ᠠ ᠡᠪᠡᠳᠴᠢᠨ ᠳᠤ ᠰᠤᠮᠤᠨ ᠠᠴᠠ ᠭᠠᠷᠬᠤ ᠥᠬᠡᠶ᠂ ᠬᠦᠨᠳᠦ ᠡᠪᠡᠳᠴᠢᠨ | ᠳᠤ ᠬᠤᠰᠢᠭᠤᠨ ᠠᠴᠠ ᠭᠠᠷᠬᠤ ᠥᠬᠡᠶ︾ ᠪᠠᠶᠢᠬᠤ ᠬᠠᠷᠠᠯᠲᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠬᠡ ᠶᠢᠨ ᠬᠤᠯᠪᠤᠭᠠᠳᠤ | ᠴᠣᠭᠴᠠ ᠶᠢᠨ ᠪᠠᠶᠢᠭᠤᠯᠤᠯᠲᠠ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ | ᠠᠬᠢᠭᠤᠯᠤᠨ᠂ ᠣᠯᠠᠨ ᠲᠦᠮᠡᠨ ᠳᠤ ᠡᠷᠬᠡ ᠲᠡᠭᠰᠢ ᠪᠥᠭᠡᠳ ᠬᠦᠷᠦᠯᠴᠡᠭᠡᠳᠡᠢ ᠡᠷᠡᠭᠦᠯ ᠮᠡᠨᠳᠦ ᠶᠢᠨ ᠦᠢᠯᠡᠴᠢᠯᠡᠭᠡ ᠶᠢ | ᠬᠠᠩᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠢᠵᠤ ᠡᠯᠰᠡᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠰᠤᠷᠭᠠᠭᠤᠯᠢ ᠪᠠ ᠡᠮᠨᠡᠯᠭᠡ ᠬᠠᠮᠳᠤᠷᠠᠯᠴᠠᠭᠰᠠᠨ᠂ ᠡᠮᠨᠡᠯᠭᠡ ᠪᠠ ᠰᠤᠷᠭᠠᠨ ᠬᠥᠮᠦᠵᠢᠯ | ᠠᠭᠤᠰᠤᠯᠴᠠᠭᠰᠠᠨ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ | ᠪᠠᠶᠢᠭᠤᠯᠤᠨ᠎ᠠ᠃ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠠᠯᠳᠠᠪᠤᠷᠢᠲᠤ | ᠡᠪᠡᠳᠴᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ | ᠦᠭᠡᠢ ᠴᠢᠩᠭᠠᠳᠬᠠᠨ᠂ ᠬᠤᠯᠤᠭᠠᠨ᠎ᠠ ᠶᠢᠨ ᠬᠢᠵᠢᠭ᠂ ᠪᠣᠭᠤᠮ᠎ᠠ ᠡᠪᠡᠳᠴᠢᠨ ᠵᠡᠷᠭᠡ ᠬᠦᠨᠳᠦ ᠶᠡᠭᠡ ᠬᠠᠯᠳᠠᠪᠤᠷᠢᠲᠤ | ᠡᠪᠡᠳᠴᠢᠨ ᠤ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠶ᠃ ᠤᠯᠠᠭᠠᠨᠮᠥ᠋ᠴᠢᠷ ᠤᠨ | ︽ ᠰᠤᠷᠤᠯᠴᠠᠬᠤ ᠪᠦᠳᠦᠬᠡᠬᠦ ᠲᠣᠭᠯᠠᠬᠤ︾ ᠡᠷᠴᠢᠮ ᠢ ᠴᠢᠩᠭᠠᠷᠠᠭᠤᠯᠵᠤ᠂ ᠴᠠᠭ ᠦᠶ᠎ᠡ ᠶᠢᠨ ᠭᠤᠤᠯ ᠰᠡᠳᠦᠪ ᠨᠢ | ᠢᠯᠡ ᠲᠣᠳᠣ᠂ ᠠᠭᠤᠯᠭ᠎ᠠ ᠨᠢ ᠣᠯᠠᠨ ᠲᠦᠮᠡᠨ ᠲᠠᠢ ᠣᠶᠢᠷᠠᠲᠤᠭᠰᠠᠨ᠂ ᠰᠣᠶᠣᠯ ᠤᠨ ᠠᠮᠳᠠ ᠰᠢᠮᠳᠡ ᠪᠠᠷ ᠪᠢᠯᠬᠠᠮ᠎ᠠ | ᠨᠢᠭᠡ ᠪᠦᠯᠦᠭ ᠲᠠᠶᠢᠰᠠᠨ ᠤ ᠤᠷᠠᠯᠢᠭ ᠤᠨ ᠪᠦᠲᠦᠭᠡᠯ ᠢ ᠭᠠᠷᠭᠠᠬᠤ ᠶᠢᠨ ᠬᠠᠮᠳᠤ᠂ ︽ᠬᠦᠮᠦᠨ ᠢ ᠲᠠᠳᠠᠬᠤ︾ ᠶᠢᠨ | ᠲᠤᠭᠤᠷᠢᠨ ᠳᠤ ᠣᠯᠠᠨ ᠲᠦᠮᠡᠨᠴᠢ ᠴᠢᠨᠠᠷᠲᠠᠶ ᠰᠣᠶᠣᠯ ᠲᠠᠮᠢᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠡᠷᠴᠢᠮᠳᠡᠢ ᠠᠷᠭ᠎ᠠ ᠪᠠᠷᠢᠯ ᠢᠶᠠᠷ ᠤᠮᠠᠷᠠᠳᠤ ᠬᠢᠯᠢ ᠶᠢᠨ ᠰᠤᠶᠤᠯ ᠤᠨ ᠲᠡᠭᠡᠭᠰᠢᠯᠡᠬᠦᠯᠦᠯᠳᠡ ᠶᠢᠨ ᠠᠵᠢᠯᠯᠠᠭ᠎ᠠ ᠶᠢ | ᠦᠷᠨᠢᠬᠦᠯᠦᠨ᠎ᠡ᠃ |