ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠡᠢ᠃ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠬᠡᠬᠦ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ | ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ | ᠵᠥᠷᠢᠴᠡᠯ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠨᠡᠶᠢᠭᠡᠮ ᠤᠨ ᠠᠮᠤᠷ | ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠳᠡ ᠪᠠ ᠡᠵᠡᠮᠳᠡᠯ ᠢ ᠴᠢᠩᠭᠠᠳᠬᠠᠨ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠤᠯᠪᠣᠭ᠎ᠠ ᠰᠦᠯᠵᠢᠶᠡᠨ ᠤ | ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ | ︽ᠨᠢᠭᠡ ᠲᠣᠰᠬᠤᠨ ᠤ ᠨᠢᠭᠡ ᠴᠠᠭᠳᠠᠭ᠎ᠠ︾᠂ ︽ᠴᠠᠭᠳᠠᠭ᠎ᠠ ᠠᠷᠠᠳ ᠬᠤᠯᠪᠣᠭᠠᠯᠠᠨ ᠡᠶᠡᠳᠡᠬᠦᠯᠬᠦ︾ ᠵᠠᠭᠪᠤᠷ ᠢ | ᠭᠦᠨᠵᠡᠭᠡᠶ ᠭᠡᠷᠡᠭᠵᠢᠬᠦᠯᠵᠦ᠂ ᠣᠶᠤᠨᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠨ᠂ ᠦᠨᠳᠦᠰᠦᠨ ᠱᠠᠳᠤᠨ ᠤ ᠲᠤᠮᠢᠯᠠᠭᠰᠠᠨ ᠰᠠᠯᠪᠤᠷᠢ ᠶᠢᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ | ᠲᠠᠰᠤᠷᠠᠯᠳᠠ ᠦᠬᠡᠢ ᠰᠠᠶᠢᠵᠢᠷᠠᠭᠤᠯᠵᠤ᠂ ᠴᠣᠬᠢᠯᠲᠠ ᠥᠭᠴᠦ ᠰᠡᠷᠭᠡᠶᠢᠯᠡᠬᠦ ᠪᠠ ᠶᠡᠷᠦᠩᠬᠡᠶᠢᠯᠡᠨ ᠵᠠᠰᠠᠬᠤ ᠬᠢᠷᠢ | ᠴᠢᠳᠠᠪᠤᠷᠢ ᠶᠢᠨ ᠬᠤᠤᠰ ᠳᠡᠭᠡᠭᠰᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠂ ᠨᠠᠩ ᠥᠨᠳᠥᠷ ᠲᠦᠪᠰᠢᠨ ᠪᠥᠬᠦᠶ | ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠤᠨ᠎ᠠ᠃ |