ᠣᠯᠠᠨ ᠨᠡᠶᠢᠲᠡ ᠶᠢᠨ ᠠᠮᠤᠷ ᠲᠥᠪᠰᠢᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠬᠦ ᠭᠡᠷᠡᠭᠳᠡᠢ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ | ᠭᠦᠨᠵᠡᠭᠡᠢ ᠦᠷᠨᠢᠬᠦᠯᠦᠨ᠂ ᠬᠦᠨᠳᠦ ᠶᠡᠭᠡ ᠠᠮᠤᠷ ᠲᠦᠪᠰᠢᠨ ᠤ ᠬᠡᠮ ᠰᠤᠭᠤᠭ ᠢ ᠪᠦᠬᠦ ᠬᠦᠴᠦᠨ ᠢᠶᠠᠷ ᠰᠡᠷᠭᠡᠶᠢᠯᠡᠨ | ᠠᠷᠢᠯᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠬᠢᠷᠢ ᠴᠢᠳᠠᠪᠤᠷᠢ ᠶᠢ | ᠲᠠᠰᠤᠷᠠᠯᠲᠠ ᠦᠭᠡᠢ ᠲᠡᠭᠡᠭᠰᠢᠯᠡᠬᠦᠯᠦᠨ᠂ ᠬᠦᠨᠳᠦ ᠶᠡᠭᠡ ᠣᠨᠴᠠ ᠶᠡᠭᠡ ᠤᠰᠤᠯ ᠠᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ | ᠪᠠᠳᠤᠯᠠᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠵᠤᠷᠢᠯᠭ᠎ᠠ ᠲᠠᠢ ᠪᠠᠷ ︽ᠥᠷᠢ ᠠᠴᠠ ᠲᠤᠳᠠᠭᠠᠬᠤ︾ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠰᠢᠨ ᠶᠤᠸᠠᠨ ᠲᠣᠰᠬᠤᠨ ᠪᠠᠯᠭᠠᠰᠤᠨ ᠤ | ᠪᠠᠩᠬᠢ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠯᠥᠰᠥᠨ ᠠᠵᠢᠯᠴᠢᠨ ᠤ | ᠴᠠᠯᠢᠩ ᠤᠯᠭᠤᠮᠵᠢ ᠶᠢ ᠪᠥᠬᠦ ᠬᠦᠴᠦᠨ ᠢᠶᠠᠷ ᠪᠠᠲᠤᠯᠠᠨ᠎ᠠ᠃ ᠲᠤᠭ᠎ᠠ ᠪᠦᠷᠢᠳᠬᠡᠯ᠂ ᠬᠢᠨᠠᠨ ᠪᠤᠳᠤᠯᠲᠠ᠂ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠰᠣᠨᠢᠨ ᠮᠡᠳᠡᠭᠡᠨ ᠤ ᠤᠬᠠᠭᠤᠯᠭ᠎ᠠ᠂ ᠲᠠᠩᠰᠠ ᠡᠪᠬᠡᠮᠡᠯ ᠲᠡᠤᠬᠡ ᠣᠶᠢᠯᠠᠯᠭ᠎ᠠ | ᠂ ᠴᠠᠭ ᠠᠭᠤᠷ ᠤᠨ ᠬᠡᠮᠵᠢᠯᠳᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠦᠳ ᠤᠨ ᠬᠤᠯᠪᠣᠭ᠎ᠠ᠂ | ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠤᠨ ᠬᠥᠭᠵᠢᠯᠲᠡ ᠶᠢ | ᠬᠠᠯᠠᠮᠵᠢᠯᠠᠨ ᠳᠡᠮᠵᠢᠨ᠎ᠡ᠃ |