2025 ᠣᠨ ᠤ ᠠᠵᠢᠯ ᠤᠨ ᠪᠠᠶᠢᠷᠢᠯᠠᠭᠤᠯᠤᠯᠳᠠ — 19
ᠨᠡᠶᠢᠲᠡᠯᠡᠭᠰᠡᠨ ᠴᠠᠭ᠄
2025/1/24
  ᠬᠠᠷᠢᠭᠤᠴᠠᠯᠭ᠎ᠠ ᠡᠬᠦᠷᠭᠡᠯᠡᠨ ᠴᠢᠷᠮᠠᠶᠢᠵᠤ ᠠᠵᠢᠯᠯᠠᠳᠠᠭ ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠦᠨᠡᠨ ᠬᠦ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠬᠦ᠂ ᠠᠵᠢᠯ ᠬᠢᠵᠦ ᠦᠢᠯᠡᠰ ᠪᠦᠳᠦᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠤᠨ᠂ ᠦᠨᠡᠨᠴᠢ ᠰᠢᠳᠤᠷᠭᠤ ᠪᠠᠷ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠬᠦᠨᠳᠦ ᠡᠭᠦᠷᠭᠡ ᠶᠢ ᠡᠬᠦᠷᠭᠡᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠨᠠᠶᠢᠳᠠᠯᠭ᠎ᠠ ᠪᠠ ᠵᠢᠯᠣᠭᠤᠳᠣᠯᠭ᠎ᠠ ᠶᠢ ᠢᠮᠠᠭᠲᠠ ᠪᠠᠲᠤ ᠴᠡᠭᠡᠵᠢᠯᠡᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂  ︽ᠵᠢᠷᠭᠤᠭᠠᠨ ᠠᠵᠢᠯᠯᠠᠭ᠎ᠠ︾ ᠶᠢ ᠨᠠᠷᠢᠨ ᠬᠢᠨᠠᠮᠠᠭᠠᠢ ᠦᠷᠨᠢᠬᠦᠯᠦᠨ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂  ᠠᠵᠢᠯ ᠶᠠᠪᠤᠳᠠᠯ ᠪᠣᠯᠭᠠᠨ ᠢ ᠠᠮᠵᠢᠯᠳᠠ ᠪᠦᠲᠦᠮᠵᠢ ᠲᠠᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠭᠦᠨᠵᠡᠭᠡᠶ ᠰᠠᠶᠢᠨ ᠠᠳᠬᠤᠵᠤ᠂ ᠪᠣᠳᠠᠲᠠᠶ ᠠᠷᠭ᠎ᠠ ᠴᠢᠩᠭ᠎ᠠ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ  ᠢ ᠦᠷ᠎ᠡ ᠪᠦᠲᠦᠮᠵᠢ ᠲᠠᠢ ᠠᠬᠢᠭᠤᠯᠤᠨ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号