2025 ᠣᠨ ᠤ ᠠᠵᠢᠯ ᠤᠨ ᠪᠠᠶᠢᠷᠢᠯᠠᠭᠤᠯᠤᠯᠳᠠ — 20
ᠨᠡᠶᠢᠲᠡᠯᠡᠭᠰᠡᠨ ᠴᠠᠭ᠄
2025/1/24
  ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠪᠠᠲᠤᠲᠠᠶ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠠᠯᠬᠤᠮ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢ ᠰᠠᠶᠢᠲᠤᠷ ᠬᠡᠷᠡᠭᠯᠡᠵᠦ᠂ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠯᠳᠠ ᠪᠠᠶᠢᠴᠠᠭᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠤᠨ ᠬᠠᠤᠯᠢᠵᠢᠯ ᠲᠦᠷᠢᠮᠵᠢᠯ ᠪᠠ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ᠂ ᠨᠡᠶᠢᠭᠡᠮ ᠨᠡᠶᠢᠳᠡ ᠶᠢᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ  ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠬᠦᠢᠴᠡᠳᠭᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ  ᠡᠴᠦᠰ ᠤᠨ ᠰᠢᠯᠭᠠᠯᠳᠠ᠂ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠠᠶᠢᠭᠤᠯᠤᠯᠳᠠ ᠶᠢᠨ ᠠᠵᠢᠯ ᠢ ᠰᠠᠶᠢᠨ ᠬᠢᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号