2025 ᠣᠨ ᠤ ᠠᠵᠢᠯ ᠤᠨ ᠪᠠᠶᠢᠷᠢᠯᠠᠭᠤᠯᠤᠯᠳᠠ — 22
ᠨᠡᠶᠢᠲᠡᠯᠡᠭᠰᠡᠨ ᠴᠠᠭ᠄
2025/1/24
  ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠬᠤ ᠭᠡᠷᠡᠭᠳᠡᠢ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠲᠦᠷᠢᠮ ᠢ ᠴᠢᠩᠭ᠎ᠠ ᠭᠡᠷᠡᠭᠵᠢᠬᠦᠯᠵᠦ᠂ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠲᠥᠪ ᠤᠨ ᠨᠠᠢᠮᠠᠨ ᠲᠣᠭᠲᠠᠭᠠᠯ  ᠪᠠ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ  ᠂ ︽ᠠᠷᠪᠢᠴᠢ ᠭᠠᠮᠳᠠᠢ ᠠᠮᠢᠳᠤᠷᠠᠬᠤ︾ ᠦᠵᠡᠯ ᠰᠠᠨᠠᠭ᠎ᠠ ᠶᠢ ᠲᠦᠷᠦᠭᠦᠯᠡᠨ ᠪᠣᠶ ᠪᠣᠯᠭᠠᠵᠤ᠂ ︽ᠭᠤᠷᠪᠠᠨ ᠠᠯᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠬᠢᠵᠠᠭᠠᠷ ᠲᠠᠢ ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ  ᠲᠡᠭᠡᠷ᠎ᠡ ᠨᠠᠩ ᠢᠯᠡᠭᠦᠤ ᠬᠡᠷᠡᠭᠯᠡᠨ᠎ᠡ᠃ ᠤᠪᠤᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠢᠯᠵᠠᠷᠠᠯ ᠢ ᠡᠷᠡᠰ ᠭᠤᠶᠢᠪᠢᠰᠢ ᠦᠭᠡᠢ ᠵᠠᠯᠬᠠᠭᠠᠨ  ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭᠠᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号