1 ᠰᠠᠷ᠎ᠠ ᠶᠢᠨ 23 ᠤ ᠡᠳᠦᠷ᠂ ᠪᠤᠤᠴᠠᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠲᠦᠪᠯᠡᠷᠡᠭᠰᠡᠨ ᠰᠤᠷᠤᠯᠴᠠᠯᠭ᠎ᠠ ᠵᠢᠴᠢ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ | ᠪᠠᠭ ᠤᠨ ᠭᠡᠰᠢᠬᠦᠳ᠂ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ | ᠲᠡᠭᠡᠷ᠎ᠡ ︽ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠤᠨ ᠠᠯᠪᠠᠨ ᠮᠡᠳᠡᠭᠡ︾ ︽ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠲᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ︾ ︽ᠰᠢ ᠶᠢᠨ ᠫᠢᠩ᠄ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶ | ᠠᠬᠢᠭᠤᠯᠤᠶ᠎ᠠ︾ ︽ᠰᠢ ᠶᠢᠨ ᠫᠢᠩ᠄ ᠥᠭᠡᠷᠡᠴᠢᠯᠡᠯᠲᠡ ᠶᠢ ᠤᠯᠠᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠴᠠ | ᠳᠠᠬᠢ ᠬᠡᠳᠦᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ︾ ᠵᠡᠷᠭᠡ ᠪᠢᠴᠢᠭ ᠮᠠᠲ᠋ᠧᠷᠢᠶᠠᠯ ᠤᠨ | ᠭᠤᠤᠯ ᠠᠭᠤᠯᠭ᠎ᠠ ᠢ ᠰᠤᠷᠤᠯᠴᠠᠵᠠᠢ᠃ ᠬᠤᠷᠠᠯ ᠠᠴᠠ᠂ ᠡᠨᠡ ᠤᠳᠠᠭᠠᠨ ᠤ ᠰᠤᠷᠤᠯᠴᠠᠯᠭ᠎ᠠ ᠪᠣᠯ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠪᠠᠲᠤᠯᠠᠭ᠎ᠠ ᠪᠤᠯᠤᠨ᠎ᠠ᠂ ᠤᠳᠤᠷᠢᠳᠬᠤ | ᠪᠠᠭ ᠤᠨ ᠭᠡᠰᠢᠬᠦᠳ ᠡᠷᠭᠡᠪᠰᠢ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠡᠳᠬᠢᠯ ᠤᠨ ᠦᠭᠡ ᠪᠠᠨ | ᠶᠠᠷᠢᠯᠴᠠᠬᠤ᠂ ᠰᠠᠨᠠᠯ ᠰᠠᠨᠠᠭᠤᠯᠭ᠎ᠠ ᠬᠤᠷᠢᠶᠠᠬᠤ᠂ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠪᠢᠴᠢᠬᠦ ᠵᠡᠷᠭᠡ | ᠬᠤᠷᠠᠯ ᠠᠴᠠ ᠡᠮᠦᠨᠡᠬᠢ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠤᠷᠠᠯᠳᠤᠭᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |