ᠲᠠᠶᠢᠹᠤᠰᠧ ᠬᠤᠰᠢᠭᠤᠨ ᠤ ᠬᠢᠨ ︽ᠶᠣᠰᠣ ᠰᠤᠷᠲᠠᠬᠤᠨ ᠤ ᠵᠢᠱᠢᠶᠡᠴᠢ ︾᠎ ᠶᠢ ᠲᠣᠬᠤᠨᠢᠭᠤᠯᠪᠡ
ᠨᠡᠶᠢᠲᠡᠯᠡᠭᠰᠡᠨ ᠴᠠᠭ᠄
2025/1/26
  ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠪᠣᠯᠤᠨ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠨᠠᠶᠢᠳᠠᠯᠭ᠎ᠠ ᠪᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠥᠪᠡᠷᠲᠡᠭᠡᠨ ᠵᠠᠰᠠᠬᠤ ᠣᠷᠣᠨ ᠤ ︽ᠶᠣᠰᠣ ᠰᠤᠷᠲᠠᠬᠤᠨ ᠤ ᠵᠢᠱᠢᠶᠡᠴᠢ︾ ᠯᠢ ᠨᠠ ᠶᠢᠨ ᠠᠪᠤ ᠡᠵᠢ ᠪᠣᠯᠤᠨ ᠠᠶᠢᠮᠠᠭ ᠤᠨ ︽ᠶᠣᠰᠣ ᠰᠤᠷᠲᠠᠬᠤᠨ ᠤ ᠵᠢᠱᠢᠶᠡᠴᠢ︾ ᠼᠤᠤ ᠹᠦ᠋ ᠴᠢᠤᠸᠠᠨ ᠢ ᠡᠷᠬᠢᠨ ᠲᠣᠬᠤᠨᠢᠭᠤᠯᠪᠠ᠃ ᠽᠦᠸᠧ ᡁᠢ ᠭᠦᠸᠧ ᠤᠷᠢᠳ ᠬᠤᠵᠢᠳ ᠠᠮᠢ ᠪᠠᠨ ᠦᠷᠡᠭᠳᠡᠬᠦᠯᠵᠦ ᠬᠥᠮᠦᠨ ᠢ ᠠᠪᠤᠷᠠᠭᠰᠠᠨ  ︽ᠥᠪᠡᠷᠲᠡᠭᠡᠨ ᠵᠠᠰᠠᠬᠤ ᠣᠷᠣᠨ ‍ᠤ‌‍ᠶᠣᠰᠣ ᠰᠤᠷᠲᠠᠬᠤᠨ ᠤ ᠵᠢᠱᠢᠶᠡᠴᠢ︾᠎  ᠯᠢ ᠨᠠ ᠶᠢᠨ ᠭᠡᠷ  ᠪᠤᠯᠤᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠡᠷ ᠪᠦᠯᠢ ᠶᠢᠨ ᠮᠢᠩᠭ᠎ᠠ ᠰᠢᠬᠠᠮ ᠰᠤᠷᠤᠭᠴᠢᠳ ᠲᠤ ᠦᠨ᠎ᠡ ᠲᠦᠯᠦᠪᠦᠷᠢ ᠦᠬᠡᠢ ᠬᠤᠨᠤᠭ ᠪᠠᠶᠢᠷᠢ ᠬᠠᠩᠭᠠᠭᠰᠠᠨ ︽ᠰᠢᠯᠢ ᠶᠢᠨ ᠭᠤᠤᠯ ᠠᠶᠢᠮᠠᠭ ᠤᠨ ᠶᠣᠰᠣ ᠰᠤᠷᠲᠠᠬᠤᠨ ᠤ ᠵᠢᠱᠢᠶᠡᠴᠢ︾ ᠼᠤᠤ ᠹᠦ᠋ ᠴᠢᠤᠸᠠᠨ ᠤ ᠬᠡᠷ ᠲᠤ  ᠬᠦᠷᠴᠦ᠂ ︽ᠶᠣᠰᠣ ᠰᠤᠷᠲᠠᠬᠤᠨ ᠤ ᠵᠢᠱᠢᠶᠡᠴᠢ︾ ᠪᠠ ᠲᠡᠳᠡᠨ ᠤ ᠬᠡᠷ ᠪᠦᠯᠢ ᠶᠢᠨ ᠠᠵᠢᠯ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠲᠤ ᠲᠣᠬᠤᠨᠢᠭᠤᠯᠬᠤ ᠵᠠᠬᠢᠳᠠᠯ᠂ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠢ ᠭᠠᠷᠳᠠᠭᠤᠯᠤᠨ  ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠢ ᠵᠢᠱᠢᠶᠡᠴᠢ ᠰᠠᠶᠢᠴᠤᠤᠯ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠷᠬᠢᠮ ᠳᠡᠭᠡᠳᠦ ᠶᠣᠰᠣ ᠰᠤᠷᠲᠠᠬᠤᠨ ᠤ ᠦᠢᠯᠡᠳᠦᠯᠭᠡᠵᠢᠭᠦᠯᠦᠭᠴᠢ᠂ ᠪᠣᠯᠪᠠᠰᠤᠨ ᠰᠠᠶᠢᠬᠠᠨ ᠬᠡᠪ ᠰᠤᠷᠲᠠᠯ ᠤᠨ ᠬᠠᠮᠠᠭᠠᠯᠠᠭᠴᠢ᠂ ᠰᠠᠶᠢᠨ ᠰᠠᠶᠢᠬᠠᠨ ᠠᠵᠤ ᠠᠮᠢᠳᠤᠷᠠᠯ ᠤᠨ ᠪᠦᠲᠦᠭᠡᠭᠴᠢ ᠪᠣᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号