︽ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠵᠤ ᠴᠠᠭᠠᠨ ᠰᠠᠷ᠎ᠠ ᠪᠠᠨ ᠪᠣᠯᠪᠠᠰᠤᠨ ᠰᠠᠶᠢᠬᠠᠨ ᠪᠡᠯᠭᠡᠯᠡᠬᠦ︾  ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/1/26
ᠪᠥᠬᠦ ᠬᠤᠰᠢᠭᠤᠨ ᠤ ᠺᠠᠳ᠋ᠷ ᠣᠯᠠᠨ ᠲᠦᠮᠡᠨ ᠳᠤ᠄    ᠪᠠᠶᠠᠷ ᠵᠢᠷᠭᠠᠯᠳᠤ ᠰᠢᠨ᠎ᠡ ᠵᠢᠯ ᠢᠷᠡᠵᠦ ᠪᠤᠢ᠂ ᠪᠤᠯᠪᠠᠰᠤᠨ ᠰᠠᠶᠢᠬᠠᠨ ᠰᠢᠨ᠎ᠡ ᠰᠤᠷᠲᠠᠯ ᠴᠢᠬᠤᠯᠠᠳᠠᠢ ᠪᠠᠶᠢᠨ᠎ᠠ᠃ 2025 ᠣᠨ ᠤ ᠴᠠᠭᠠᠨ ᠰᠠᠷ᠎ᠠ ᠪᠣᠯᠬᠤ ᠲᠠᠰᠢᠷᠠᠮ ᠳᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ  ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠬᠡᠵᠢᠬᠦᠯᠦᠨ᠂ ᠬᠡᠪ ᠵᠠᠩᠰᠢᠯ ᠤᠨ ᠦᠬᠡᠷᠡᠴᠢᠯᠡᠯᠳᠡ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠴᠠᠭ ᠦᠶ᠎ᠡ ᠶᠢᠨ ᠰᠢᠨ᠎ᠡ ᠭᠡᠪ ᠰᠤᠷᠲᠠᠯ ᠢ ᠶᠡᠬᠡᠪᠡᠷ ᠪᠠᠳᠠᠷᠠᠭᠤᠯᠤᠨ᠂ ᠪᠠᠶᠠᠷ ᠪᠠᠶᠠᠰᠬᠤᠯᠠᠩ ᠲᠠᠢ᠂ ᠡᠶ᠎ᠡ ᠨᠠᠶᠢᠷᠠᠮᠳᠠᠭᠤ᠂ ᠡᠷᠡᠭᠦᠯ ᠪᠣᠯᠪᠠᠰᠤᠨ  ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠎ ᠠᠴᠠ ᠪᠥᠬᠦ ᠬᠤᠰᠢᠭᠤᠨ ᠤ ᠠᠷᠠᠳ ᠤᠯᠠᠨ ᠳᠤ ᠳᠣᠣᠷᠠᠬᠢ ᠮᠡᠲᠦ ᠤᠷᠢᠶᠠᠯᠠᠭ᠎ᠠ ᠶᠢ ᠭᠠᠷᠭᠠᠵᠤ ᠪᠠᠶᠢᠨᠠᠮ  ᠄    ᠪᠦᠷᠢᠯᠭᠡᠨ ᠰᠦᠢᠳᠭᠡᠬᠦ ᠶᠢ ᠴᠡᠭᠡᠷᠯᠡᠵᠦ᠂ ᠠᠷᠪᠢᠯᠠᠨ ᠭᠠᠮᠨᠠᠬᠤ ᠶᠢ ᠡᠷᠬᠢᠮᠯᠡᠨ᠎ᠡ᠃  ᠳᠤᠮᠳᠠᠳᠤ ᠶᠢᠨ ᠦᠨᠳᠦᠰᠦᠳᠡᠨ ᠤ ᠠᠵᠢᠯᠴᠢ ᠠᠷᠪᠢᠴᠢ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂  ᠦᠨᠳᠦᠷ ᠦᠨ᠎ᠡ ᠲᠠᠢ ᠬᠤᠭᠤᠯᠠ ᠪᠤᠳᠠᠭ᠎ᠠ ᠪᠡᠯᠡᠳᠬᠡᠬᠦ  ᠂ ᠤᠯᠠᠭᠠᠨ ᠴᠠᠭᠠᠨ ᠤ ᠶᠠᠪᠤᠳᠠᠯ ᠢ ᠶᠡᠬᠡᠪᠡᠷ ᠦᠢᠯᠡᠳᠬᠦ ᠪᠠ ᠠᠳᠠᠭᠠᠷᠬᠠᠵᠤ ᠠᠳᠠᠯᠢᠳᠬᠠᠬᠤ᠂ ᠯᠠᠷᠵᠢᠶ᠎ᠠ ᠲᠠᠲᠠᠬᠤ ᠵᠡᠷᠭᠡ ᠮᠠᠭᠤ ᠬᠡᠪ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠶ᠃ ᠰᠢᠨ᠎ᠠ ᠶᠢᠨ ᠪᠠᠷᠠᠭ᠎ᠠ ᠬᠤᠳᠠᠯᠳᠤᠨ ᠠᠪᠬᠤ ᠳᠠᠭᠠᠨ ᠰᠣᠬᠤᠷ ᠪᠠᠯᠠᠶ ᠪᠠᠷ ᠠᠪᠴᠤ ᠬᠠᠳᠠᠭᠠᠯᠠᠬᠤ ᠠᠴᠠ ᠵᠠᠶᠢᠯᠠᠰᠬᠢᠨ᠎ᠡ᠃ ︽ᠫᠢᠯᠠ ᠬᠤᠭᠤᠰᠣᠯᠠᠬᠤ︾᠎ ᠪᠠᠷ ᠦᠩᠭᠡ ᠭᠡᠷᠡᠯ ᠪᠤᠯᠭᠠᠨ᠂  ᠪᠦᠷᠢᠯᠬᠡᠨ ᠰᠦᠢᠳᠬᠡᠬᠦ ᠶᠢ ᠲᠡᠪᠴᠢᠵᠦ᠂ ᠠᠮᠤ ᠬᠦᠨᠡᠰᠦ ᠶᠢ ᠨᠠᠨᠳᠢᠩᠨᠠᠨ᠂  ︽ᠠᠷᠪᠢᠴᠢ ᠭᠠᠮᠳᠠᠢ︾᠎ ᠎ ᠪᠠᠷ ᠰᠢᠨᠡᠯᠡᠵᠡᠭᠡᠶ᠎ᠡ᠃    ᠪᠦᠳᠦᠬᠦᠯᠢᠭ ᠵᠠᠩᠰᠢᠯ ᠢᠶᠠᠨ ᠥᠭᠡᠷᠡᠴᠢᠯᠡᠵᠦ᠂ ᠪᠣᠯᠪᠠᠰᠤᠨ ᠰᠤᠷᠳᠠᠯ ᠢ ᠡᠷᠬᠢᠮᠯᠡᠨ᠎ᠡ᠃ ᠰᠢᠨᠵᠢᠯᠡᠬᠦ ᠤᠬᠠᠭᠠᠨᠴᠢ ᠡᠷᠡᠭᠦᠯ ᠪᠤᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠠᠵᠢᠯᠯᠠᠵᠤ ᠠᠮᠠᠷᠠᠬᠤ ᠢᠳᠡᠵᠦ ᠤᠤᠭᠤᠬᠤ ᠎ ᠪᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠵᠣᠬᠢᠬᠤ ᠬᠡᠮᠵᠢᠶᠡᠨ ᠤ ᠲᠠᠮᠢᠷ ᠤᠨ ᠬᠥᠳᠡᠯᠭᠡᠭᠡᠨ ᠬᠢᠬᠦ ᠬᠡᠷᠡᠭᠲᠡᠢ᠃ ᠡᠷᠡᠬᠦᠯ ᠪᠣᠯᠪᠠᠰᠤᠨ ᠬᠦᠳᠡᠯᠪᠦᠷᠢ ᠠᠵᠢᠯᠯᠠᠭ᠎ᠠ ᠳᠤ ᠢᠳᠡᠪᠬᠢᠲᠡᠶ ᠤᠷᠤᠯᠴᠠᠨ᠂ ᠪᠣᠯᠪᠠᠰᠤᠨ ᠢᠶᠠᠷ ᠠᠶᠠᠯᠠᠵᠤ ᠵᠢᠭᠤᠯᠴᠢᠯᠠᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠶᠢ ᠦᠢᠯᠡᠳᠦᠯᠭᠡᠵᠢᠭᠦᠯᠵᠦ᠂ ᠮᠦᠷᠦᠢ ᠲᠠᠢ ᠲᠤᠭᠯᠠᠭᠠᠮ ᠎ ᠳᠤ ᠤᠷᠤᠯᠴᠠᠬᠤ ᠶᠢ ᠡᠷᠡᠰ ᠲᠡᠪᠴᠢᠬᠦ ᠭᠡᠷᠡᠭᠳᠡᠢ᠃  ᠠᠮᠢᠳᠤ ᠰᠡᠷᠡᠬᠦᠨ ᠳᠤᠨᠢ ᠬᠦᠨᠳᠦᠯᠡᠨ ᠠᠰᠠᠷᠠᠵᠤ᠂  ᠤᠷᠤᠰᠢᠭᠤᠯᠭ᠎ᠠ ᠪᠡᠯᠪᠡᠰᠦᠷᠡᠯ ᠢ ᠲᠦᠬᠦᠮ ᠦᠢᠯᠡᠳᠬᠦ ᠤᠢᠢᠯᠠᠭᠠᠭᠳᠠᠬᠤᠨ ᠢ ᠪᠤᠢ ᠪᠣᠯᠭᠠᠵᠤ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠨ᠂ ᠰᠣᠷᠭᠤᠭ ᠴᠡᠴᠡᠭ ᠤᠨ ᠲᠠᠬᠢᠯᠭ᠎ᠠ  ᠂ ᠭᠡᠷ ᠪᠦᠯᠢ ᠶᠢᠨ ᠭᠠᠰᠢᠭᠤᠳᠠᠯ ᠤᠨ ᠬᠤᠷᠠᠯ ᠵᠡᠷᠭᠡ ᠠᠷᠭ᠎ᠠ ᠬᠡᠯᠪᠡᠷᠢ ᠪᠠᠷ ᠨᠦᠭᠴᠢᠭᠰᠡᠳ ᠢᠶᠠᠨ ᠳᠤᠷᠠᠰᠤᠨ ᠰᠠᠨᠠᠭᠠᠯᠵᠠᠵᠤ᠂  ᠭᠡᠪᠰᠢᠮᠡᠯ ᠪᠦᠳᠦᠬᠦᠯᠢᠭ ᠵᠠᠩ ᠵᠠᠩᠰᠢᠯ ᠎ ᠢ ᠲᠠᠶᠠᠭᠳᠠᠨ᠂  ︽ᠡᠷᠡᠬᠦᠯ  ᠪᠤᠯᠪᠠᠰᠤᠨ︾᠎ ᠎ ᠢᠶᠠᠷ ᠰᠢᠨᠡᠯᠡᠵᠡᠭᠡᠶ᠎ᠡ᠃    ᠶᠠᠪᠤᠵᠤ ᠰᠠᠭᠤᠬᠤ ᠪᠠᠨ ᠠᠩᠬᠠᠷᠴᠤ᠂ ᠠᠮᠤᠷ ᠲᠦᠪᠰᠢᠨ ᠢ ᠡᠷᠬᠢᠮᠯᠡᠨ᠎ᠡ  ᠃ ᠵᠠᠮ ᠬᠠᠷᠢᠯᠴᠠᠭᠠᠨ ᠤ ᠳᠦᠷᠢᠮ ᠲᠤᠭᠳᠠᠭᠠᠯ ᠢ ᠲᠠᠭᠠᠵᠤ᠂ ᠶᠠᠪᠠᠭᠠᠨ ᠠᠯᠬᠤᠪᠠᠯ ︽ᠶᠠᠪᠠᠭᠠᠨ ᠤ ᠵᠠᠮ︾᠎ ᠢᠶᠠᠷ ᠶᠠᠪᠤᠵᠤ᠂ ᠲᠤᠬᠢᠶᠠᠨ ᠳ᠋ᠧᠩ ᠢ ᠢᠮᠠᠭᠳᠠ ᠠᠩᠬᠠᠷᠤᠨ᠂ ᠲᠡᠷᠭᠡ ᠵᠢᠯᠤᠭᠤᠳᠪᠠᠯ ᠠᠷᠢᠬᠢ ᠤᠤᠭᠤᠬᠤ ᠦᠭᠡᠢ᠂  ᠬᠤᠷᠳᠤ ᠬᠡᠲᠦᠷᠡᠬᠦ ᠦᠭᠡᠢ᠂ ᠶᠠᠳᠠᠷᠠᠭ᠎ᠠ ᠲᠠᠢ ᠵᠢᠯᠤᠭᠤᠳᠬᠤ ᠦᠬᠡᠢ ᠪᠠᠶᠢᠵᠤ᠂ ᠶᠠᠪᠠᠭᠠᠨ ᠬᠥᠮᠦᠨ ᠳᠤ ᠵᠠᠮ ᠲᠠᠯᠪᠢᠨ᠎ᠠ᠃  ᠤᠯᠠᠨ ᠨᠡᠶᠢᠲᠡ ᠶᠢᠨ ᠮᠠᠰᠢᠨ ᠬᠦᠰᠭᠡ ᠎ ᠳᠤ ᠰᠠᠭᠤᠬᠤ ᠳᠠᠭᠠᠨ ᠤᠬᠠᠮᠰᠠᠷ ᠠᠴᠠ ᠪᠠᠨ ᠮᠦᠷᠯᠡᠨ ᠵᠢᠬᠰᠠᠵᠤ᠂  ᠨᠠᠰᠤᠳᠠᠢ᠂ ᠨᠢᠯᠬ᠎ᠠ᠂ ᠵᠢᠷᠮᠤᠰᠤᠨ᠂ ᠵᠡᠮᠳᠡᠭ ᠲᠤ ︽ᠰᠠᠭᠤᠳᠠᠯ ᠲᠠᠯᠪᠢᠨ᠎ᠠ︾᠃ ᠤᠰᠤ᠂ ᠴᠠᠬᠢᠯᠭᠠᠨ᠂  ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ  ᠪᠠᠶᠢᠴᠠᠭᠠᠵᠤ ᠠᠷᠢᠯᠭᠠᠨ᠂  ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠵᠤ᠂ ︽ᠠᠮᠤᠷ ᠠᠮᠤᠭᠤᠯᠠᠩ︾᠎ ᠎ ᠢᠶᠠᠷ ᠰᠢᠨᠡᠯᠡᠵᠡᠭᠡᠶ᠎ᠡ᠃     ᠰᠤᠷᠲᠠᠯ ᠰᠤᠷᠭᠠᠯ ᠢᠶᠠᠨ ᠰᠢᠯᠢᠳᠡᠭᠵᠢᠬᠦᠯᠵᠦ᠂ ᠡᠶ᠎ᠡ ᠨᠠᠶᠢᠷ ᠢ ᠡᠷᠬᠢᠮᠯᠡᠨ᠎ᠡ᠃ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠭᠡᠷ ᠪᠦᠯᠢ᠂ ᠠᠶᠢᠯ ᠰᠠᠭᠠᠬᠠᠯᠳᠠ᠂ ᠲᠦᠷᠦᠯ ᠰᠠᠳᠤᠨ ᠤ ᠬᠤᠭᠤᠷᠤᠨᠳᠤᠬᠢ ᠡᠶ᠎ᠡ ᠨᠠᠶᠢᠷ ᠢ ᠠᠬᠢᠭᠤᠯᠤᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠰᠡᠨ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠤᠯᠭᠠᠵᠤ᠂   ᠨᠠᠰᠤᠳᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂  ᠭᠡᠷ ᠵᠠᠭᠤᠷ᠎ᠠ ᠪᠠᠨ ᠡᠶ᠎ᠡ ᠡᠪᠳᠡᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠥᠷᠥᠬᠦ᠂  ᠠᠶᠢᠯ ᠬᠦᠷᠰᠢ ᠲᠠᠢ ᠪᠠᠨ ᠪᠦᠯᠬᠦᠮᠳᠡᠨ ᠨᠢᠬᠳᠠᠷᠠᠬᠤ ᠰᠠᠶᠢᠨ ᠰᠠᠶᠢᠬᠠᠨ ᠰᠤᠷᠲᠠᠯ ᠢ ᠲᠡᠯᠬᠡᠷᠡᠬᠦᠯᠵᠦ᠂ ᠥᠨᠥᠴᠢᠨ ᠬᠡᠦᠭᠡᠳ᠂ ᠪᠡᠯᠪᠡᠰᠦᠨ ᠨᠠᠰᠤᠲᠠᠨ᠂  ᠡᠪᠡᠳᠴᠢᠳᠡᠨ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠶ ᠤᠷᠤᠯᠴᠠᠨ᠂  ︽ ᠡᠶ᠎ᠡ ᠨᠠᠶᠢᠷ ᠲᠠᠢ︾᠎ ᠎ ᠪᠠᠷ ᠰᠢᠨᠡᠯᠡᠵᠡᠭᠡᠶ᠎ᠡ᠃     ᠪᠣᠯᠪᠠᠰᠤᠨ ᠰᠢᠨ᠎ᠡ ᠰᠤᠷᠲᠠᠯ ᠢ ᠪᠦᠬᠦ ᠠᠷᠠᠳ ᠢᠶᠠᠷ ᠢᠶᠠᠨ ᠲᠡᠯᠬᠡᠷᠡᠬᠦᠯᠵᠦ᠂  ᠪᠤᠶᠠᠨᠳᠤ ᠰᠢᠨ᠎ᠡ ᠠᠮᠢᠳᠤᠷᠠᠯ ᠢ ᠪᠦᠬᠦ ᠠᠷᠠᠳ ᠢᠶᠠᠷ ᠢᠶᠠᠨ ᠡᠳᠡᠯᠡᠨ᠎ᠡ᠃ ᠪᠢᠳᠡ ᠪᠦᠬᠦᠳᠡᠭᠡᠷ ᠢᠳᠡᠪᠬᠢᠲᠡᠢ ᠬᠥᠳᠡᠯᠦᠯᠴᠡᠵᠦ᠂  ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠰᠢᠨ᠎ᠡ ᠭᠡᠪ ᠰᠤᠷᠲᠠᠯ ᠤᠨ ᠦᠢᠯᠡᠳᠦᠯᠭᠡᠵᠢᠭᠦᠯᠦᠭᠴᠢ ᠪᠠ ᠣᠷᠣᠯᠴᠠᠭᠴᠢ ᠪᠣᠯᠵᠤ᠂ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠠᠵᠠ ᠵᠢᠷᠭᠠᠯᠲᠤ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ︕         ᠲᠠᠶᠢᠹᠤᠰᠧ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ           ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ                    2025 ᠣᠨ ᠤ 1 ᠰᠠᠷ᠎ᠠ ᠶᠢᠨ 24᠎ ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号