2024 ᠤᠨ ᠳᠤ᠂ ᠲᠠᠶᠢᠹᠤᠰᠧ ᠬᠤᠰᠢᠭᠤ ᠨᠢ ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ | ᠵᠠᠮ ᠤᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠬᠤ ᠶᠢᠨ ᠬᠠᠮᠳᠤ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ | ᠲᠣᠰᠬᠤᠨ ᠳᠤ ᠨᠡᠪᠳᠡᠷᠡᠬᠦ ᠵᠠᠰᠠᠮᠠᠯ ᠵᠠᠮ 3.74 ᠺᠢᠯᠤᠮᠧᠲᠷ ᠢ ᠰᠢᠨ᠎ᠡ ᠪᠠᠷ ᠪᠠᠶᠢᠭᠤᠯᠤᠨ᠂ 67.92 ᠺᠢᠯᠤᠮᠧᠲᠷ ᠢ | ᠠᠷᠠᠴᠢᠯᠠᠨ ᠬᠠᠮᠠᠭᠠᠯᠠᠵᠤ᠂ 40.8 ᠺᠢᠯᠤᠮᠧᠲᠷ ᠵᠠᠰᠠᠮᠠᠯ ᠵᠠᠮ ᠳᠤ ᠴᠢᠨᠠᠷ ᠢ ᠰᠠᠶᠢᠵᠢᠷᠠᠭᠤᠯᠬᠤ ᠦᠬᠡᠷᠡᠴᠢᠯᠡᠯᠳᠡ | ᠬᠢᠵᠡᠢ ᠃ 4 ᠰᠠᠭᠤᠷᠢ ᠤᠰᠤ ᠬᠠᠩᠭᠠᠬᠤ ᠢᠨᠵᠧᠨᠧᠷᠢᠩ᠂ 3 ᠰᠠᠭᠤᠷᠢ ᠤᠰᠤ ᠴᠡᠪᠡᠷᠰᠢᠭᠦᠯᠬᠦ ᠢᠨᠵᠧᠨᠧᠷᠢᠩ ᠢ | ᠰᠢᠨ᠎ᠡ ᠪᠠᠷ ᠭᠡᠷᠡᠭᠵᠢᠬᠦᠯᠵᠦ᠂ ᠬᠥᠳᠡᠭᠡ ᠲᠣᠰᠬᠤᠨ ᠤ 26 ᠰᠠᠭᠤᠷᠢ ᠤᠰᠤ ᠬᠠᠩᠭᠠᠬᠤ ᠢᠨᠵᠧᠨᠧᠷᠢᠩ ᠳᠤ ᠵᠠᠰᠠᠯᠳᠠ | ᠪᠠ ᠬᠠᠮᠠᠭᠠᠯᠠᠯᠳᠠ ᠬᠢᠵᠦ᠂ 6 ᠭᠠᠴᠠᠭ᠎ᠠ ᠲᠣᠰᠬᠤᠨ ᠤ 3777 ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠴᠠᠬᠢᠯᠭᠠᠨ ᠬᠦᠴᠦᠨ ᠤ | ᠢᠨᠵᠧᠨᠧᠷᠢᠩ 7 ᠶᠢ ᠬᠡᠷᠡᠭᠵᠢᠭᠦᠯᠵᠦ᠂ 299.2 ᠺᠢᠯᠤᠮᠧᠲᠷ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ | ᠦᠬᠡᠷᠡᠴᠢᠯᠡᠨ ᠰᠢᠨᠡᠳᠭᠡᠵᠦ᠂ ᠬᠦᠴᠦᠳᠡᠯ ᠥᠭᠡᠷᠡᠴᠢᠯᠡᠭᠴᠢ 109 ᠶᠢ ᠤᠭᠰᠠᠷᠠᠨ᠂ ᠱᠤ᠋ ᠭᠤᠸᠠᠩ ᠤᠨ | 110KV ᠤᠨ ᠬᠦᠴᠦᠳᠡᠯ ᠥᠭᠡᠷᠡᠴᠢᠯᠡᠬᠦ ᠦᠷᠳᠡᠭᠡ ᠶᠢ ᠠᠰᠢᠭᠯᠠᠯᠲᠠ ᠳᠤ ᠤᠷᠤᠭᠤᠯᠤᠭᠠᠳ᠂ ᠴᠠᠬᠢᠯᠭᠠᠨ | ᠬᠦᠴᠦᠨ ᠤ ᠪᠠᠲᠤᠯᠠᠭ᠎ᠠ ᠪᠠ ᠳᠠᠭᠠᠭᠠᠴᠠ ᠲᠠᠰᠤᠷᠠᠯᠲᠠ ᠦᠭᠡᠢ ᠴᠢᠩᠭᠠᠷᠠᠭᠰᠠᠨ ᠪᠠᠶᠢᠨ᠎ᠠ᠃ ᠡᠬᠦᠨ ᠤ ᠬᠠᠮᠳᠤ᠂ 5G | ᠰᠠᠭᠤᠷᠢ ᠥᠷᠲᠡᠭᠡ 207 ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠰᠢᠨᠡᠳᠭᠡᠵᠦ᠂ ᠴᠢᠮᠡᠭᠡ ᠬᠤᠯᠪᠣᠭᠠᠨ ᠤ | ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ |