1 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ | ᠪᠦᠦ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ | ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ | ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠰᠤᠷᠤᠯᠴᠠᠬᠤ ᠬᠥᠲᠥᠯᠪᠦᠷᠢ︾ ᠶᠢ ᠨᠠᠷᠢᠨ ᠬᠢᠨᠠᠮᠠᠭᠠᠢ | ᠰᠤᠷᠤᠯᠴᠠᠨ ᠤᠶᠢᠯᠠᠭᠠᠬᠤ ᠪᠠ ᠬᠦᠨ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠬᠦᠷᠬᠦ︾ ᠲᠡᠮᠡᠴᠡᠬᠦ | ᠬᠠᠷᠠᠯᠲᠠ ᠶᠢᠨ ᠲᠣᠭᠤᠷᠢᠨ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠤᠳᠤ ᠶᠠᠭ ᠤᠨ ᠵᠢᠯ ᠤᠨ ᠬᠠᠯᠠᠭ᠎ᠠ ᠪᠤᠯᠵᠤ᠂ ᠡᠯ᠎ᠡ | ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠣᠷᠭᠢᠯ ᠬᠤᠭᠤᠴᠠᠭᠠᠨ ᠳᠤ ᠪᠠᠶᠢᠭ᠎ᠠ ᠪᠤᠯᠬᠤᠷ᠂ ᠪᠠᠴᠢᠮ | ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠨᠢᠮᠪᠠᠢ ᠬᠢᠵᠦ᠂ ᠴᠠᠭᠠᠨ ᠰᠠᠷ᠎ᠠ ᠶᠢᠨ | ᠬᠤᠭᠤᠴᠠᠭᠠᠨ ᠳᠠᠬᠢ ︽ᠠᠮᠤᠷ ᠲᠦᠪᠰᠢᠨ ᠤ ᠱᠤᠭᠤᠮ︾ ᠢ ᠪᠥᠬᠦ ᠬᠦᠴᠦᠨ ᠢᠶᠠᠷ ᠰᠠᠶᠢᠨ ᠰᠠᠬᠢᠬᠤ ᠬᠡᠷᠡᠭᠲᠡᠶ᠃ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ | ᠡᠷᠴᠢᠮᠳᠡᠢ ᠦᠷᠨᠢᠬᠦᠯᠦᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ ︽ᠰᠢ ᠶᠢᠨ ᠫᠢᠩ ᠤᠨ ᠰᠣᠶᠣᠯ ᠤᠨ | ᠦᠵᠡᠯ ᠰᠠᠨᠠᠭᠠᠨ ᠤ ᠰᠤᠷᠤᠯᠴᠠᠬᠤ ᠬᠥᠲᠥᠯᠪᠦᠷᠢ︾ ᠶᠢ ᠬᠠᠮᠳᠤ ᠳᠠᠭᠠᠨ ᠰᠤᠷᠤᠯᠴᠠᠵᠤ᠂ ᠬᠡᠰᠡᠭ ᠭᠠᠵᠠᠷ ᠤᠨ | ᠲᠠᠰ ᠤᠨ ᠤᠳᠤᠷᠢᠳᠤᠯᠭ᠎ᠠ ᠠᠴᠠ ︽ᠬᠥᠲᠥᠯᠪᠦᠷᠢ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠶᠠᠷᠢᠶ᠎ᠠ | ᠲᠠᠯᠪᠢᠵᠠᠢ᠃ |