ᠭᠦᠨᠪᠤᠯᠠᠭ ᠰᠤᠮᠤᠨ ᠤ ︽ᠲᠠᠯ᠎ᠠ ᠨᠤᠲᠤᠭ ᠤᠨ ᠨᠤᠮ ᠤᠨ ᠦᠷᠦᠭᠡ︾ ᠨᠦᠭᠦᠳ ᠨᠢ ᠨᠤᠮ ᠤᠩᠰᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/26
   ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠠᠬᠢᠭᠤᠯᠬᠤ᠂ ᠪᠢᠴᠢᠭ ᠤᠨ ᠰᠤᠷᠪᠤᠯᠵᠢᠲᠤ ᠨᠡᠶᠢᠭᠡᠮ ᠢ ᠪᠦᠲᠦᠭᠡᠨ ᠪᠠᠶᠢᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠦᠮᠡᠨ ᠤ ᠰᠤᠶᠤᠯ ᠣᠶᠤᠨ ᠤ ᠬᠡᠷᠡᠭᠴᠡᠭᠡ ᠶᠢ ᠤᠯᠠᠮ ᠪᠠᠶᠠᠯᠢᠬᠵᠢᠭᠤᠯᠤᠨ᠂ ᠪᠦᠬᠦ ᠠᠷᠠᠳ ᠢᠶᠠᠷ ᠢᠶᠠᠨ ᠨᠣᠮ ᠤᠩᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠭᠦᠨᠪᠤᠯᠠᠭ ᠰᠤᠮᠤᠨ ᠤ ᠡᠯ᠎ᠡ ᠭᠠᠴᠠᠭᠠᠨ ᠤ ︽ᠲᠠᠯ᠎ᠠ ᠨᠤᠲᠤᠭ ᠤᠨ ᠨᠣᠮ ᠤᠨ ᠥᠷᠥᠭᠡ︾ ᠨᠢ ᠤᠳᠬ᠎ᠠ ᠠᠭᠤᠯᠭ᠎ᠠ ᠲᠠᠢ ᠨᠤᠮ ᠤᠩᠰᠢᠬᠤ ᠠᠵᠢᠯᠯᠠᠭ᠎ᠠ ᠦᠷᠨᠢᠬᠦᠯᠵᠦ ᠪᠠᠶᠢᠨ᠎ᠠ᠃  ᠮᠠᠯᠴᠢᠳ ︽ᠲᠠᠯ᠎ᠠ ᠨᠤᠲᠤᠭ ᠤᠨ ᠨᠣᠮ ᠤᠨ ᠥᠷᠥᠭᠡ︾ ᠳᠤ ᠬᠦᠷᠴᠦ᠂ ᠥᠪᠡᠷ ᠦᠪᠡᠷ ᠤᠨ ᠦᠵᠡᠬᠦ ᠲᠤᠷᠠᠳᠠᠢ ᠨᠣᠮ ᠰᠡᠳᠬᠦᠯ ᠢᠶᠠᠨ ᠰᠣᠩᠭᠤᠨ ᠤᠩᠰᠢᠬᠤ ᠶᠢᠨ ᠬᠠᠮᠳᠤ᠂ ᠨᠤᠮ ᠤᠩᠰᠢᠭᠰᠠᠨ ᠣᠶᠢᠯᠠᠭᠠᠯᠲᠠ ᠲᠥᠷᠥᠭᠳᠡᠯ ᠢᠶᠠᠨ  ᠶᠠᠷᠢᠯᠴᠠᠨ ᠬᠤᠪᠢᠶᠠᠯᠴᠠᠵᠤ᠂ ᠣᠶᠤᠨ ᠰᠠᠨᠠᠭᠠᠨ ᠤ ᠰᠢᠮ᠎ᠡ ᠲᠡᠵᠢᠭᠡᠯ ᠢ ᠬᠦᠷᠳᠡᠵᠦ ᠰᠠᠭᠤᠵᠠᠭᠠᠨ᠎ᠠ᠃ ᠨᠤᠮ ᠤᠩᠰᠢᠬᠤ ᠠᠵᠢᠯᠯᠠᠭ᠎ᠠ ᠪᠠᠷ ᠲᠠᠮᠵᠢᠭᠠᠳ᠂ ᠺᠠᠳ᠋ᠷ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ  ᠺᠠᠳ᠋ᠷ ᠣᠯᠠᠨ ᠲᠦᠮᠡᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂  ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠰᠣᠶᠣᠯ ᠤᠨ ᠰᠠᠭᠤᠷᠢᠨ ᠭᠠᠵᠠᠷ ᠤᠨ ᠦᠢᠯᠡᠳᠦᠯ ᠢ ᠤᠯᠠᠮ ᠰᠠᠶᠢᠨ ᠪᠠᠳᠠᠷᠠᠭᠤᠯᠵᠠᠢ᠃ ᠲᠠᠷᠠᠭᠠᠴᠢ ᠶᠢᠨ ᠠᠯᠬᠤᠮ ᠳᠤ᠂ ᠭᠦᠨᠪᠤᠯᠠᠭ ᠰᠤᠮᠤ ᠨᠢ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠤᠯᠠᠮ ᠲᠡᠭᠦᠯᠳᠡᠷᠵᠢᠭᠦᠯᠵᠦ᠂  ᠨᠤᠮ ᠤᠩᠰᠢᠬᠤ ᠣᠷᠴᠢᠨ ᠨᠦᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠦᠷ᠎ᠡ ᠠᠰᠢᠭ ᠢ ᠴᠢᠨᠠᠭᠰᠢᠳᠠ ᠨᠡᠮᠡᠭᠳᠡᠭᠦᠯᠬᠦ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号