ᠶᠦᠩ ᠹᠧᠩ ᠪᠠᠯᠭᠠᠰᠤᠨ ᠤ ᠨᠠᠮ ᠤᠨ ᠬᠤᠷᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠬᠤᠷᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/26
  1 ᠰᠠᠷ᠎ᠠ ᠶᠢᠨ 24 ᠤ ᠡᠳᠦᠷ᠂ ᠶᠦᠩ ᠹᠧᠩ ᠪᠠᠯᠭᠠᠰᠤᠨ ᠤ ᠨᠠᠮ ᠤᠨ ᠬᠤᠷᠢᠶ᠎ᠠ ᠨᠢ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠰᠠᠨᠠᠭᠤᠯᠭ᠎ᠠ ᠬᠤᠷᠢᠶᠠᠬᠤ ᠬᠤᠷᠠᠯ ᠬᠤᠷᠠᠯᠳᠤᠭᠤᠯᠵᠤ᠂  ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂  ᠪᠠᠯᠭᠠᠰᠤᠨ ᠤ ᠺᠠᠳ᠋ᠷ ᠠᠵᠢᠯᠳᠠᠳ᠂ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠬᠤᠷᠠᠯ ᠳᠤ ᠤᠷᠤᠯᠴᠠᠨ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠸᠠᠩ ᠵᠢᠶᠦ᠋ᠨ ᠱᠧᠩ ᠬᠤᠷᠠᠯ ᠢ ᠡᠷᠬᠢᠯᠡᠵᠡᠢ᠃ ᠬᠤᠷᠠᠯ ᠳᠡᠭᠡᠷ᠎ᠡ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠮᠢᠶ᠎ᠠ ᠪᠥᠬᠦᠶ ᠶᠠᠪᠤᠳᠠᠯ ᠤᠨ ᠲᠤᠬᠠᠶ ᠲᠠᠶᠢᠯᠤᠮᠵᠢ ᠬᠢᠭᠰᠡᠨ ᠪᠦᠭᠡᠳ  ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠤᠨ ᠤᠳᠤᠷᠢᠳᠬᠤ ᠪᠠᠭ ᠤᠨ ᠭᠡᠰᠢᠬᠦᠳ ᠤᠨ ᠲᠤᠬᠠᠢ ᠰᠠᠨᠠᠯ ᠰᠠᠨᠠᠭᠤᠯᠭ᠎ᠠ ᠬᠤᠷᠢᠶᠠᠬᠤ ᠬᠦᠰᠦᠨᠦᠭᠲᠦ ᠶᠢ ᠲᠠᠷᠬᠠᠭᠠᠵᠤ᠂ ᠬᠤᠷᠠᠯ ᠳᠤ ᠣᠷᠣᠯᠴᠠᠭᠰᠠᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠳᠠᠷᠠᠭᠠᠴᠢ ᠶᠢᠨ ᠠᠯᠬᠤᠮ ᠳᠤ᠂ ᠶᠦᠩ ᠹᠧᠩ ᠪᠠᠯᠭᠠᠰᠤᠨ ᠤ ᠨᠠᠮ ᠤᠨ ᠬᠤᠷᠢᠶ᠎ᠠ ᠨᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠡᠷᠡᠭᠵᠢᠭᠦᠯᠬᠦ ᠲᠦᠰᠦᠪ ᠶᠤᠰᠤᠭᠠᠷ᠂ ᠡᠯ᠎ᠡ ᠭᠤᠭᠴᠤᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ᠂ ᠴᠢᠩᠭ᠎ᠠ ᠪᠠᠷᠢᠮᠵᠢᠶ᠎ᠠ ᠪᠠᠷ ᠰᠠᠶᠢᠲᠤᠷ ᠬᠤᠷᠠᠯᠳᠤᠭᠤᠯᠬᠤ ᠪᠠᠷ ᠪᠤᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号