ᠰᠢ ᠶᠢᠨ ᠫᠢᠩ ᠴᠠᠭᠠᠨ ᠰᠠᠷ᠎ᠠ ᠠᠴᠠ ᠡᠮᠦᠨ᠎ᠡ ᠯᠢᠶᠣᠤᠨᠢᠩ ᠳᠤ ᠬᠦᠷᠴᠦ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠦᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠵᠦ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠥᠩᠨᠡᠪᠡ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2025/1/26
  ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 24 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠬᠢᠷ ᠬᠦᠢᠲᠡᠨ ᠢ ᠰᠥᠷᠦᠨ ᠯᠢᠶᠣᠤᠨᠢᠩ ᠳᠤ ᠬᠦᠷᠴᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ ᠰᠢᠶᠠᠩᠭᠠᠩ ᠤᠨ ᠠᠬ᠎ᠠ ᠳᠡᠭᠦᠦ᠂ ᠣᠣᠮᠧᠨ ᠤ ᠠᠬ᠎ᠠ ᠳᠡᠭᠦᠦ᠂ ᠲᠠᠶᠢᠸᠠᠨ ᠤ ᠠᠬ᠎ᠠ ᠳᠡᠭᠦᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠰᠢᠨ᠎ᠡ ᠶᠢᠨ ᠮᠡᠨᠳᠦ ᠬᠦᠷᠭᠡᠪᠡ︕ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠢᠯᠭᠤᠮ ᠤᠷᠤᠭᠰᠢᠲᠠᠢ᠂ ᠭᠡᠷ ᠬᠤᠲᠠᠯᠠᠭᠠᠷ ᠵᠣᠯ ᠵᠢᠷᠭᠠᠯ ᠲᠠᠢ᠂ ᠮᠣᠭᠠᠢ ᠵᠢᠯ ᠳᠤ ᠥᠯᠵᠡᠢ ᠪᠡᠯᠭᠡ ᠲᠠᠢ ᠪᠠᠶᠢᠬᠤ ᠶᠢ ᠵᠥᠩᠨᠡᠪᠡ︕ ᠠᠭᠤᠤ ᠶᠡᠭᠡ ᠡᠬᠡ ᠤᠯᠤᠰ ᠲᠦᠷᠦ ᠲᠦᠪᠰᠢᠨ ᠲᠦᠮᠡᠨ ᠠᠮᠤᠭᠤᠯᠠᠩ᠂ ᠬᠤᠷ᠎ᠠ ᠪᠣᠷᠣᠭᠠᠨ ᠲᠡᠭᠰᠢ᠂ ᠴᠡᠴᠡᠭᠯᠡᠨ ᠬᠥᠭᠵᠢᠬᠦ ᠶᠢ ᠵᠥᠩᠨᠡᠪᠡ︕    1 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠪᠣᠯᠣᠨ ᠮᠤᠵᠢ ᠶᠢᠨ ᠳᠠᠷᠤᠭ᠎ᠠ ᠯᠢ ᠯᠧ ᠴᠧᠩ ᠤᠨ ᠪᠠᠷ᠎ᠠ ᠪᠤᠯᠤᠯᠭ᠎ᠠ ᠲᠠᠢ ᠪᠠᠷ ᠬᠤᠯᠤ ᠠᠷᠠᠯ᠂ ᠮᠦᠭᠳᠡᠨ ᠂ ᠪᠧᠨ᠋ᠰᠢ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠨ ᠪᠠᠶᠢᠴᠠᠭᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠪᠣᠯᠣᠨ ᠵᠥᠩᠨᠡᠯ ᠢ ᠬᠦᠷᠭᠡᠪᠡ᠃    22 ᠤᠨ ᠦᠳᠡ ᠶᠢᠨ ᠬᠤᠶᠢᠨ᠎ᠠ᠂ ᠰᠢ ᠶᠢᠨ ᠫᠢᠩ ᠬᠤᠯᠤ ᠠᠷᠠᠯ ᠬᠤᠳᠠ ᠳᠤ ᠬᠦᠷᠴᠦ᠂ ᠮᠠᠰᠢᠨ ᠲᠡᠷᠭᠡ ᠪᠠᠷ ᠴᠠᠭ ᠰᠢᠬᠠᠮ ᠶᠠᠪᠤᠭᠠᠳ ᠰᠦᠢ ᠵᠦᠩ ᠰᠢᠶᠠᠨ ᠤ ᠮᠢᠩ ᠱᠦᠢ ᠶᠢᠨ ᠮᠠᠨᠵᠤ ᠦᠨᠳᠦᠰᠦᠲᠡᠨ ᠤ ᠰᠢᠶᠠᠩ ᠤᠨ ᠵᠦ ᠵᠢᠶᠠ ᠭᠧᠦ ᠲᠣᠰᠬᠤᠨ ᠳᠤ ᠭᠦᠷᠪᠡ᠃ ᠨᠢᠳᠤᠨᠤᠨ ᠤ 8 ᠰᠠᠷ᠎ᠠ ᠳᠤ ᠠᠳᠡ ᠬᠦᠨᠳᠦ ᠨᠣᠴᠢᠲᠠᠢ ᠦᠶᠡᠷ ᠤᠨ ᠭᠠᠮᠰᠢᠭ ᠪᠣᠯᠵᠤ᠂ ᠡᠪᠦᠯ ᠪᠤᠯᠬᠤ ᠠᠴᠠ ᠡᠮᠦᠨ᠎ᠡ 41 ᠡᠷᠦᠭᠡ ᠲᠣᠰᠬᠤᠨ ᠤ ᠠᠷᠠᠳ ᠳᠠᠭᠢᠨ ᠪᠠᠶᠢᠭᠤᠯᠤᠭᠰᠠᠨ ᠰᠢᠨ᠎ᠡ ᠰᠠᠭᠤᠴᠠ ᠳᠤ ᠨᠡᠭᠦᠨ ᠣᠷᠣᠵᠠᠢ ᠃ ᠰᠢ ᠶᠢᠨ ᠫᠢᠩ ᠲᠣᠰᠬᠤᠨ ᠤ ᠵᠠᠬ᠎ᠠ ᠳᠤ ᠭᠠᠮᠰᠢᠭᠳᠠᠭᠰᠠᠨ ᠣᠷᠣᠨ ᠢ ᠪᠠᠶᠢᠴᠠᠭᠠᠨ ᠦᠵᠡᠵᠦ᠂ ᠲᠤᠬᠠᠢ ᠶᠢᠨ ᠦᠶ᠎ᠡ ᠶᠢᠨ ᠭᠡᠷ ᠪᠠᠶᠢᠰᠢᠩ ᠤᠰᠤᠨ ᠳᠤ ᠠᠪᠲᠠᠭᠳᠠᠭᠰᠠᠨ ᠪᠠ ᠲᠣᠰᠬᠤᠨ ᠤ ᠠᠷᠠᠳ ᠢ ᠰᠢᠯᠵᠢᠭᠦᠯᠦᠭᠰᠡᠨ ᠪᠠᠶᠢᠳᠠᠯ ᠢ ᠨᠠᠷᠢᠨ ᠠᠰᠠᠭᠤᠵᠤ᠂ ᠲᠠᠷᠠᠭ᠎ᠠ ᠨᠢ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠸᠢᠳᠢᠤ᠋᠂ ᠦᠵᠡᠭᠦᠯᠭᠡ ᠶᠢᠨ ᠰᠠᠮᠪᠠᠷ᠎ᠠ ᠠᠴᠠ ᠭᠠᠮᠰᠢᠭ ᠤᠨ ᠳᠠᠷᠠᠭᠠᠬᠢ ᠰᠡᠷᠭᠦᠭᠡᠨ ᠪᠦᠲᠦᠭᠡᠨ ᠪᠠᠶᠢᠭᠤᠯᠤᠭᠰᠠᠨ ᠠᠬᠢᠴᠠ ᠶᠢ ᠣᠶᠢᠯᠠᠭᠠᠵᠤ ᠂ ᠲᠤᠬᠠᠢ ᠶᠢᠨ ᠭᠠᠵᠠᠷ ᠤᠨ ᠺᠠᠳ᠋ᠷ ᠢ ᠡᠷᠬᠡᠪᠰᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠰᠠᠶᠢᠲᠤᠷ ᠲᠣᠬᠢᠷᠠᠭᠤᠯᠵᠤ᠂ ᠳᠤᠯᠠᠭᠠᠬᠠᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠪᠣᠯᠬᠤᠷ ᠠᠶᠢᠯ ᠡᠷᠦᠭᠡ ᠪᠣᠯᠭᠠᠨ ᠬᠤᠣᠰ ᠤᠶᠠᠩᠭ᠎ᠠ ᠬᠠᠶᠢᠴᠢᠯᠠᠮᠠᠯ ᠨᠠᠭᠠᠵᠠᠢ᠃ ᠰᠢ ᠶᠢᠨ ᠫᠢᠩ ᠤᠷᠢᠳ ᠬᠤᠵᠢᠳ ᠲᠣᠰᠬᠤᠨ ᠤ ᠠᠷᠠᠳ ᠵᠦ ᠰᠢ ᠼᠦᠨ᠂ ᠸᠠᠩ ᠪᠦᠦ ᠸᠧᠢ ᠶᠢᠨ ᠭᠡᠷ ᠲᠤ ᠬᠦᠷᠴᠦ᠂ ᠭᠡᠷ ᠪᠠᠶᠢᠰᠢᠩ ᠤᠨ ᠪᠦᠲᠦᠴᠡ ᠶᠠᠰᠤ ᠴᠢᠨᠠᠷ ᠪᠣᠯᠣᠨ ᠴᠠᠭᠠᠨ ᠰᠠᠷ᠎ᠠ ᠶᠢᠨ ᠪᠠᠷᠠᠭ᠎ᠠ ᠪᠠᠨ ᠪᠡᠯᠡᠳᠬᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠵᠠᠰᠠᠭ ᠤᠨ ᠣᠷᠳᠣᠨ ᠤ ᠳᠠᠭᠢᠨ ᠪᠠᠶᠢᠭᠤᠯᠤᠭᠰᠠᠨ ᠭᠡᠷ ᠪᠠᠶᠢᠰᠢᠩ ᠤᠨ ᠨᠥᠬᠦᠪᠦᠷᠢ ᠶᠢ ᠣᠯᠣᠭᠰᠠᠨ ᠡᠰᠡᠬᠦ᠂ ᠲᠣᠰᠬᠤᠨ ᠤ ᠠᠷᠠᠳ ᠤᠨ ᠣᠷᠣᠯᠭ᠎ᠠ ᠭᠤᠣᠯᠳᠠᠭᠤ ᠬᠠᠮᠢᠭ᠎ᠠ ᠠᠴᠠ ᠢᠷᠡᠯ ᠲᠠᠢ ᠶᠢ ᠣᠶᠢᠯᠠᠭᠠᠪᠠ᠃ ᠸᠠᠩ ᠪᠦᠦ ᠸᠧᠢ ᠶᠢᠨ ᠬᠢᠨ ᠲᠠᠢ ᠬᠠᠮᠲᠤ ᠰᠠᠭᠤᠵᠤ ᠪᠠᠶᠢᠬᠤ ᠳᠤ᠂ ᠸᠠᠩ ᠪᠦᠦ ᠸᠧᠢ ᠶᠡᠷᠦᠩᠬᠡᠢ ᠱᠦᠵᠢ ᠳᠤ᠂ ᠰᠢᠨ᠎ᠡ ᠭᠡᠷ ᠰᠠᠷᠠᠭᠤᠯ ᠠᠭᠤᠵᠢᠮ ᠳᠤᠯᠠᠭᠠᠬᠠᠨ ᠪᠠᠶᠢᠨ᠎ᠠ᠂ ᠴᠠᠭᠠᠨ ᠰᠠᠷ᠎ᠠ ᠶᠢᠨ ᠪᠠᠷᠠᠭ᠎ᠠ ᠪᠠᠨ ᠪᠦᠭᠦᠨ ᠢ ᠪᠡᠯᠡᠳᠬᠡᠵᠡᠢ᠂ ᠪᠦᠭᠦ ᠲᠣᠰᠬᠤᠨ ᠤ ᠬᠥᠮᠥᠰ ᠴᠢᠩ ᠰᠡᠳᠬᠢᠯ ᠠᠴᠠ ᠪᠠᠨ ᠨᠠᠮ ᠳᠤ ᠲᠠᠯᠠᠷᠬᠠᠵᠤ᠂ ᠶᠡᠷᠦᠩᠬᠡᠢ ᠱᠦᠵᠢ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠰᠢ ᠶᠢᠨ ᠫᠢᠩ ᠲᠡᠭᠦᠨ ᠠᠴᠠ ᠪᠠᠰᠠ ᠶᠠᠮᠠᠷ ᠱᠠᠭᠠᠷᠳᠠᠯᠭ᠎ᠠ ᠪᠠ ᠬᠦᠰᠡᠯ ᠡᠷᠡᠮᠡᠯᠵᠡᠯ ᠪᠠᠶᠢᠬᠤ ᠪᠤᠢ ᠭᠡᠵᠦ ᠠᠰᠠᠭᠤᠬᠤ ᠳᠤ᠂ ᠲᠡᠷᠡ᠂ ᠠᠮᠢᠳᠤᠷᠠᠯ ᠨᠡᠩ ᠰᠠᠶᠢᠨ ᠰᠠᠶᠢᠬᠠᠨ ᠪᠤᠯᠬᠤ ᠶᠢ ᠬᠦᠰᠡᠵᠦ ᠪᠠᠶᠢᠨ᠎ᠠ ᠭᠡᠪᠡ᠃ ᠰᠢ ᠶᠢᠨ ᠫᠢᠩ᠂ ᠲᠠ ᠨᠠᠷ ᠤᠨ ᠬᠦᠰᠡᠯ ᠡᠷᠡᠮᠡᠯᠵᠡᠯ ᠪᠣᠯ ᠪᠢᠳᠡᠨ ᠤ ᠬᠦᠰᠡᠯ ᠡᠷᠡᠮᠡᠯᠵᠡᠯ ᠮᠥᠨ᠂ ᠨᠠᠮ ᠪᠠ ᠵᠠᠰᠠᠭ ᠤᠨ ᠣᠷᠳᠣᠨ ᠪᠣᠯ ᠬᠡᠵᠢᠶᠡᠳᠡ ᠠᠷᠠᠳ ᠣᠯᠠᠨ ᠤ ᠬᠦᠴᠦᠷᠬᠡᠭ ᠶᠡᠭᠡ ᠲᠦᠰᠢᠭ ᠮᠥᠨ ᠭᠡᠵᠦ ᠲᠡᠭᠦᠨ ᠳᠤ ᠪᠠᠶᠠᠷᠲᠠᠶᠢᠬᠠᠨ ᠬᠡᠯᠡᠪᠡ᠃    ᠲᠣᠰᠬᠤᠨ ᠠᠴᠠ ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠤᠳ ᠶᠡᠷᠦᠩᠬᠡᠢ ᠱᠦᠵᠢ ᠲᠠᠢ ᠮᠡᠨᠳᠦᠴᠢᠯᠡᠵᠡᠭᠡᠵᠦ᠂ ᠠᠯᠠᠭ᠎ᠠ ᠲᠡᠰᠢᠯᠲᠡ ᠶᠢᠨ ᠲᠠᠭᠤᠨ᠂ ᠪᠠᠶᠠᠷᠯᠠᠨ ᠬᠥᠭᠡᠷᠦᠯᠳᠦᠬᠦ ᠲᠠᠭᠤᠨ ᠵᠢᠵᠢᠭ ᠠᠭᠤᠯᠠᠨ ᠲᠣᠰᠬᠤᠨ ᠳᠤ ᠴᠤᠤᠷᠢᠶᠠᠲᠤᠪᠠ᠃ ᠰᠢ ᠶᠢᠨ ᠫᠢᠩ ᠨᠤᠲᠤᠭ ᠤᠨ ᠠᠬ᠎ᠠ ᠳᠡᠭᠦᠦ ᠨᠠᠷ ᠲᠤ᠂ ᠨᠢᠳᠤᠨᠤᠨ ᠠᠴᠠ ᠨᠠᠭᠠᠰᠢ ᠲᠠᠨ ᠤ ᠠᠳᠡᠬᠢ ᠶᠢ ᠪᠠᠭᠲᠠᠭᠠᠭᠰᠠᠨ ᠮᠠᠨ ᠤ ᠤᠯᠤᠰ ᠤᠨ ᠵᠠᠷᠢᠮ ᠭᠠᠵᠠᠷ ᠣᠷᠣᠨ ᠪᠠᠶᠢᠭᠠᠯᠢ ᠶᠢᠨ ᠭᠠᠮᠰᠢᠭ ᠲᠤ ᠤᠴᠠᠷᠠᠪᠠ᠃ ᠮᠠᠨ ᠤ ᠨᠠᠮ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠴᠢᠬᠤᠯᠠ ᠶᠡᠭᠡ ᠢᠯᠠᠯᠲᠠ ᠣᠯᠪᠠ᠃ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠭᠠᠮᠰᠢᠭᠳᠠᠭᠰᠠᠨ ᠣᠯᠠᠨ ᠲᠦᠮᠡᠨ ᠪᠣᠯᠣᠨ ᠭᠠᠮᠰᠢᠭ ᠤᠨ ᠳᠠᠷᠠᠭ᠎ᠠ ᠰᠡᠷᠭᠦᠭᠡᠨ ᠪᠦᠲᠦᠭᠡᠨ ᠪᠠᠶᠢᠭᠤᠯᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠭᠰᠡᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠲᠣᠬᠤᠨᠢᠭᠤᠯᠤᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ ᠪᠠᠶᠢᠨ᠎ᠠ ᠭᠡᠵᠡᠢ᠃    ᠮᠦᠭᠳᠡᠨ ᠤ ᠳ᠋ᠡ ᠳ᠋ᠦᠩ ᠬᠤᠯᠢᠰᠢᠨ ᠢᠳᠡᠭᠡᠨ ᠤ ᠳᠡᠯᠭᠡᠭᠦᠷ ᠥᠨᠢ ᠤᠳᠠᠭᠠᠨ ᠲᠡᠦᠬᠡ ᠲᠠᠢ᠂ ᠥᠪᠡᠷᠮᠢᠴᠡ ᠣᠨᠴᠠᠯᠢᠭ ᠲᠠᠢ ᠰᠢᠨ᠎ᠡ ᠶᠢᠨ ᠪᠠᠷᠠᠭ᠎ᠠ ᠶᠢ ᠬᠠᠷᠠᠭ᠎ᠠ ᠳᠦᠭᠦᠷᠡᠩ ᠥᠷᠥᠵᠡᠢ᠃ 23 ᠤ ᠦᠳᠡ ᠶᠢᠨ ᠡᠮᠦᠨ᠎ᠡ᠂ ᠰᠢ ᠶᠢᠨ ᠫᠢᠩ ᠠᠳᠡ ᠢᠷᠡᠵᠦ᠂ ᠤᠯᠠᠨ ᠳᠡᠯᠭᠡᠭᠦᠷ ᠢ ᠪᠠᠶᠢᠴᠠᠭᠠᠨ ᠦᠵᠡᠵᠦ᠂ ᠳᠡᠯᠭᠡᠭᠦᠷ ᠤᠨ ᠡᠵᠡᠨ ᠪᠣᠯᠣᠨ ᠵᠣᠴᠢᠳ ᠲᠠᠢ ᠪᠠᠶᠢᠨ ᠲᠠᠭᠢᠨ ᠶᠠᠷᠢᠯᠴᠠᠵᠤ᠂ ᠪᠠᠶᠠᠷ ᠤᠨ ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠲᠠᠢ ᠠᠭᠤᠯᠵᠠᠭᠠᠳ ᠮᠠᠰᠢ ᠳᠣᠭᠳᠣᠯᠵᠤ᠂ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾ ᠭᠡᠵᠦ ᠪᠠᠶᠠᠷᠯᠠᠯᠳᠤᠨ ᠬᠠᠰᠬᠢᠷᠪᠠ︕ ᠰᠢ ᠶᠢᠨ ᠫᠢᠩ ︽ᠢᠳᠡᠰᠢᠨ ᠨᠣᠭᠤᠭ᠎ᠠ︾᠂ ︽ᠠᠮᠤ ᠪᠤᠳᠠᠭ᠎ᠠ︾᠂ ︽ᠭᠤᠸᠠ ᠵᠢᠮᠢᠰ︾ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠤᠳᠤ ᠡᠳ᠋ ᠪᠣᠳᠠᠰ ᠡᠯᠪᠡᠭ ᠳᠡᠯᠪᠡᠭ ᠪᠣᠯᠵᠤ ᠪᠠᠶᠢᠨ᠎ᠠ᠂ ᠴᠠᠭᠠᠨ ᠰᠠᠷ᠎ᠠ ᠶᠢᠨ ᠵᠣᠯᠭᠠᠯᠲᠠ ᠳᠤ ᠤᠯᠠᠨ ᠲᠦᠮᠡᠨ ᠤ ᠨᠡᠩ ᠰᠠᠶᠢᠨ ᠢᠳᠡᠵᠦ ᠡᠷᠡᠭᠦᠯ ᠬᠤᠭᠤᠯᠠᠯᠠᠬᠤ ᠶᠢ ᠪᠠᠲᠤᠯᠠᠬᠤ ᠬᠡᠷᠡᠭᠲᠡᠢ ᠭᠡᠵᠦ ᠤᠯᠠᠨ ᠳᠤ ᠬᠡᠯᠡᠪᠡ᠃    ᠳᠠᠷᠠᠭ᠎ᠠ ᠨᠢ᠂ ᠰᠢ ᠶᠢᠨ ᠫᠢᠩ ᠲᠥᠪᠯᠡᠷᠡᠭᠦᠯᠦᠨ ᠥᠭᠡᠷᠡᠴᠢᠯᠡᠨ ᠪᠠᠶᠢᠭᠤᠯᠤᠭᠰᠠᠨ ᠳ᠋ᠠ ᠳ᠋ᠦᠩ ᠲᠣᠭᠤᠷᠢᠭ ᠤᠨ ᠴᠠᠩ ᠠᠨ ᠵᠡᠭᠡᠯᠢ ᠭᠤᠳᠤᠮᠵᠢ ᠶᠢᠨ ᠴᠠᠩ ᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠳᠥᠷᠪᠡᠨ ᠦᠶ᠎ᠡ ᠪᠠᠷ ᠢᠶᠠᠨ ᠬᠠᠮᠲᠤ ᠠᠮᠢᠳᠤᠷᠠᠵᠤ ᠪᠠᠶᠢᠭ᠎ᠠ ᠯᠠᠩ ᠰᠦ᠋ ᠯᠠᠨ ᠤ ᠬᠢᠨ ᠳᠤ ᠬᠦᠷᠴᠦ ᠪᠣᠯᠭᠤᠭᠠᠨ ᠦᠵᠡᠪᠡ᠃ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠤ ᠳᠠᠷᠠᠭ᠎ᠠ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠡᠯ᠎ᠡ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠢ ᠣᠶᠢᠯᠠᠭᠠᠵᠤ ᠮᠡᠳᠡᠭᠡᠳ ᠰᠢ ᠶᠢᠨ ᠫᠢᠩ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠳᠠ ᠶᠢᠨ ᠰᠢᠨᠡᠴᠢᠯᠡᠯᠲᠡ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠠᠯᠢᠪᠠ ᠪᠦᠭᠦᠨ ᠳᠤ ᠠᠷᠠᠳ ᠲᠤ ᠲᠦᠭᠦᠮ ᠦᠵᠡᠭᠦᠯᠭᠦ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠠᠮᠤᠷᠵᠢᠭᠤᠯᠬᠤ ᠶᠢ ᠠᠩᠬᠠᠷᠴᠤ᠂ ᠣᠨᠴᠠᠭᠠᠶᠢᠯᠠᠨ ︽ᠥᠲᠡᠭᠦᠰ ᠨᠢᠯᠬᠠᠰ︾ ᠢ ᠨᠡᠩ ᠰᠠᠶᠢᠲᠤᠷ ᠬᠠᠶᠢᠷᠠᠯᠠᠨ ᠬᠠᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠵᠠᠷᠢᠮ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠣᠰ ᠤᠶᠠᠩᠭ᠎ᠠ ᠪᠢᠴᠢᠵᠦ᠂ ᠬᠡᠦᠬᠡᠳ ᠤᠳ ᠳᠤᠮᠳᠠᠳᠤ ᠤᠯᠤᠰ ᠤᠨ ᠵᠠᠩᠭᠢᠶ᠎ᠠ ᠵᠠᠩᠭᠢᠳᠴᠤ ᠪᠠᠶᠢᠯ᠎ᠠ᠃ ᠰᠢ ᠶᠢᠨ ᠫᠢᠩ ᠲᠡᠳᠡᠨ ᠤ ᠳᠤᠮᠳᠠ ᠬᠦᠷᠴᠦ᠂ ᠲᠡᠳᠡᠨ ᠤ ᠪᠦᠲᠦᠭᠡᠯ ᠢ ᠪᠠᠶᠢᠨ ᠲᠡᠭᠢᠨ ᠮᠠᠭᠲᠠᠨ ᠰᠠᠶᠢᠰᠢᠶᠠᠵᠤ᠂ ᠲᠡᠳᠡᠨ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠠᠩ ᠰᠠᠶᠢᠲᠤᠷ ᠤᠯᠠᠮᠵᠢᠯᠠᠨ ᠪᠠᠳᠠᠷᠠᠭᠤᠯᠤᠭᠠᠷᠠᠢ ᠭᠡᠵᠦ ᠵᠣᠷᠢᠭᠵᠢᠭᠤᠯᠪᠠ᠃ ᠰᠢ ᠶᠢᠨ ᠫᠢᠩ ᠪᠠᠰᠠ ᠨᠡᠶᠢᠭᠡᠮ ᠲᠣᠭᠤᠷᠢᠭ ᠤᠨ ᠠᠵᠢᠯ ᠠᠴᠠ ᠪᠠᠨ ᠠᠮᠠᠷᠠᠭᠰᠠᠳ ᠤᠨ ᠲᠣᠭᠯᠠᠭᠰᠠᠨ ᠯᠢᠩᠪᠤ ᠶᠢᠨ ᠨᠠᠶᠢᠷᠠᠯ ᠬᠥᠭᠵᠢᠮ ᠢ ᠰᠣᠨᠢᠷᠬᠠᠪᠠ᠃ ᠲᠡᠷᠡ᠂ ᠴᠠᠭᠠᠨ ᠰᠠᠷ᠎ᠠ ᠪᠠᠨ ᠰᠠᠶᠢᠬᠠᠨ ᠥᠩᠭᠡᠷᠡᠭᠦᠯᠬᠦ ᠨᠢ ᠰᠢᠨ᠎ᠡ ᠵᠢᠯ ᠳᠤ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ ᠬᠠᠷᠠᠭᠤᠯᠵᠤ ᠪᠠᠶᠢᠨ᠎ᠠ᠂ ᠠᠶᠢᠯ ᠪᠣᠯᠭᠠᠨ ᠵᠣᠯ ᠵᠢᠷᠭᠠᠯ ᠲᠠᠢ ᠠᠮᠢᠳᠤᠷᠠᠵᠤ᠂ ᠨᠠᠰᠤᠲᠠᠨ ᠵᠠᠯᠠᠭᠤ ᠪᠦᠭᠦᠳᠡᠭᠡᠷ ᠢᠶᠠᠨ ᠪᠠᠶᠠᠷ ᠪᠠᠶᠠᠰᠬᠤᠯᠠᠩ ᠲᠠᠢ ᠪᠠᠶᠢᠬᠤ ᠨᠢ ᠬᠥᠮᠥᠨ ᠤ ᠶᠢᠷᠲᠢᠨᠴᠦ ᠶᠢᠨ ᠭᠤᠶᠢᠳᠠ ᠦᠵᠡᠮᠵᠢ ᠪᠣᠯᠣᠨ᠎ᠠ᠃ ᠪᠢᠳᠠ ᠬᠠᠮᠲᠤ ᠪᠠᠷ ᠴᠢᠷᠮᠠᠶᠢᠵᠤ᠂ ᠡᠨᠡ ᠬᠦ ᠦᠵᠡᠮᠵᠢ ᠶᠢ ᠤᠯᠠᠮ ᠠᠴᠠ ᠤᠯᠠᠮ ᠦᠵᠡᠰᠬᠦᠯᠡᠩᠲᠡᠢ ᠪᠤᠯᠭᠠᠬᠤ ᠬᠡᠷᠡᠭᠲᠡᠢ ᠭᠡᠵᠦ ᠳᠠᠶᠠᠭᠠᠷ ᠲᠤ ᠭᠦᠨ ᠰᠡᠳᠬᠢᠯᠭᠡ ᠲᠠᠢ ᠬᠡᠯᠡᠪᠡ᠃    ᠰᠠᠭᠤᠭᠠᠯᠢ ᠠᠷᠠᠳ ᠤᠨ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠢ ᠳᠤ᠂ ᠰᠠᠭᠤᠭᠠᠯᠢ ᠠᠷᠠᠳ ᠪᠠᠶᠠᠷ ᠭᠦᠷ ᠲᠠᠢ ᠪᠠᠷ ᠶᠠᠩᠭᠠᠷ ᠪᠥᠵᠢᠭᠯᠡᠨ᠎ᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ ᠲᠠᠢ ᠰᠢᠨ᠎ᠡ ᠶᠢᠨ ᠵᠣᠯᠭᠠᠯᠲᠠ ᠬᠢᠪᠡ᠃    23 ᠤ ᠦᠳᠡ ᠶᠢᠨ ᠬᠤᠶᠢᠨ᠎ᠠ᠂ ᠰᠢ ᠶᠢᠨ ᠫᠢᠩ ᠪᠧᠨ᠋ᠰᠢ ᠳᠤ ᠬᠦᠷᠴᠦ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠳᠤ ᠬᠠᠷᠢᠶᠠᠯᠠᠭᠳᠠᠬᠤ ᠪᠧᠨ᠋ᠰᠢ ᠶᠢᠨ ᠪᠣᠯᠣᠳ ᠬᠠᠪᠲᠠᠰᠤᠨ ᠤ ᠬᠦᠢᠲᠡᠨ ᠭᠡᠪᠰᠢᠭᠦᠯᠭᠡ ᠶᠢᠨ ᠶᠡᠷᠦᠩᠬᠡᠢ ᠦᠢᠯᠡᠳᠪᠦᠷᠢ ᠶᠢᠨ ᠭᠤᠷᠪᠠᠳᠤᠭᠠᠷ ᠬᠦᠢᠲᠡᠨ ᠭᠡᠪᠰᠢᠭᠦᠯᠭᠡ ᠶᠢᠨ ᠦᠢᠯᠡᠳᠪᠦᠷᠢ ᠶᠢ ᠰᠢᠨᠵᠢᠯᠡᠨ ᠪᠠᠶᠢᠴᠠᠭᠠᠪᠠ᠃ ᠲᠡᠷᠡ ᠠᠵᠤ ᠠᠬᠤᠶᠢᠯᠠᠯ ᠤᠨ ᠲᠥᠪᠯᠡᠷᠡᠭᠦᠯᠦᠨ ᠡᠵᠡᠮᠳᠡᠬᠦ ᠲᠥᠪ ᠲᠤ ᠲᠥᠪᠯᠡᠷᠡᠭᠦᠯᠦᠨ ᠡᠵᠡᠮᠳᠡᠬᠦ ᠣᠶᠤᠨᠴᠢ ᠰᠢᠰᠲ᠋ᠧᠮ ᠤᠨ ᠠᠵᠢᠯᠯᠠᠭᠠᠨ ᠢ ᠪᠠᠶᠢᠴᠠᠭᠠᠨ ᠦᠵᠡᠵᠦ᠂ ᠦᠢᠯᠡᠳᠪᠦᠷᠢ ᠶᠢᠨ ᠲᠠᠰᠤᠭ ᠲᠤ ᠬᠦᠢᠲᠡᠨ ᠢᠶᠠᠷ ᠬᠡᠪᠰᠢᠭᠦᠯᠬᠦ ᠠᠵᠢᠯ ᠤᠨ ᠳᠠᠷᠠᠭᠠᠯᠠᠯ᠂ ᠮᠡᠷᠭᠡᠵᠢᠯ ᠤᠨ ᠰᠢᠨ᠎ᠡ ᠡᠭᠦᠳᠦᠯᠲᠡ᠂ ᠦᠢᠯᠡᠳᠬᠦᠨ ᠤ ᠴᠢᠳᠠᠪᠬᠢ ᠶᠢ ᠣᠶᠢᠯᠠᠭᠠᠬᠤ ᠶᠢᠨ ᠵᠡᠷᠭᠡ ᠪᠠᠷ ᠭᠦᠳᠡᠯᠮᠦᠷᠢ ᠶᠢᠨ ᠵᠢᠱᠢᠶᠡᠴᠢ᠂ ᠵᠠᠯᠠᠭᠤ ᠮᠡᠷᠭᠡᠵᠢᠯ ᠤᠨ ᠭᠤᠣᠯᠯᠠᠭᠴᠢ᠂ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠲᠥᠯᠥᠭᠡᠯᠡᠭᠴᠢ ᠶᠢ ᠳᠣᠲᠣᠨᠣ ᠪᠠᠷ ᠪᠣᠯᠭᠤᠭᠠᠨ ᠦᠵᠡᠪᠡ᠃ ᠰᠢ ᠶᠢᠨ ᠫᠢᠩ᠂ ᠦᠢᠯᠡᠳᠬᠦ ᠦᠢᠯᠡᠰ ᠤᠨ ᠬᠢᠨ ᠳᠡᠭᠡᠳᠦ ᠲᠦᠪᠰᠢᠨᠴᠢᠯᠡᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠪᠤᠯᠭᠠᠬᠤ ᠴᠢᠭᠯᠡᠯ ᠢ ᠪᠠᠷᠢᠮᠲᠠᠯᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠨᠱᠠᠨ ᠤ ᠪᠣᠯᠣᠳ ᠲᠡᠮᠦᠷ ᠤᠨ ᠪᠦᠯᠦᠭᠯᠡᠯ ᠺᠤᠮᠫᠠᠨᠢ ᠰᠢᠭ᠋ ᠤᠯᠤᠰ ᠤᠨ ᠥᠮᠴᠢᠯᠡᠯ ᠤᠨ ᠲᠣᠮᠣ ᠠᠵᠤ ᠠᠬᠤᠶᠢᠯᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃    24 ᠤ ᠦᠳᠡ ᠶᠢᠨ ᠡᠮᠦᠨ᠎ᠡ᠂ ᠰᠢ ᠶᠢᠨ ᠫᠢᠩ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠯᠢᠶᠣᠤᠨᠢᠩ ᠤᠨ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠲᠠᠯ᠎ᠠ ᠪᠠᠷ ᠵᠣᠷᠢᠭᠲᠠᠢ ᠪᠠᠷ ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠢᠶᠣᠤᠨᠢᠩ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠯᠢᠶᠣᠤᠨᠢᠩ ᠤᠨ ᠬᠢᠨ ᠳᠤ ᠬᠦᠰᠡᠪᠡ᠃    ᠰᠢ ᠶᠢᠨ ᠫᠢᠩ᠂ ᠯᠢᠶᠣᠤᠨᠢᠩ ᠤᠨ ᠠᠵᠤ ᠦᠢᠯᠡᠳᠪᠦᠷᠢ ᠶᠢᠨ ᠰᠢᠰᠲ᠋ᠧᠮ ᠨᠡᠯᠢᠶᠡᠳ ᠪᠦᠷᠢᠨ ᠲᠡᠭᠦᠯᠳᠡᠷ ᠪᠠᠶᠢᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠲᠠᠯ᠎ᠠ ᠪᠠᠷ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢᠨ ᠭᠤᠣᠯᠳᠠᠯᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠬᠥᠭᠵᠢᠯᠲᠡ ᠶᠢᠨ ᠡᠭᠦᠷᠭᠡ ᠬᠡᠳᠦᠢ ᠬᠦᠨᠳᠦ ᠪᠤᠯᠬᠤ ᠲᠤᠳᠤᠮ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠳᠦᠢ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠴᠦᠰ ᠤᠨ ᠡᠴᠦᠰ ᠲᠡᠭᠡᠨ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ᠎ᠡ᠃ ᠥᠭᠡᠷᠡᠴᠢᠯᠡᠯᠲᠡ ᠶᠢ ᠠᠳᠬᠤᠬᠤ ᠳᠤ ᠤᠯᠠᠮ ᠨᠢᠭᠡ ᠠᠯᠬᠤᠮ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠲᠣᠪᠤᠶᠢᠯᠭᠠᠨ᠂ ᠬᠦᠴᠢᠷᠳᠡᠯ ᠢ ᠰᠢᠢᠳᠪᠦᠷᠢᠯᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠤᠳᠤ ᠮᠠᠨ ᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠲᠤᠳᠤᠮ ᠶᠡᠭᠡ ᠨᠡᠭᠡᠭᠡᠵᠦ ᠪᠠᠶᠢᠨ᠎ᠠ᠂ ᠡᠯ᠎ᠡ ᠱᠠᠲᠤᠨ ᠤ ᠺᠠᠳ᠋ᠷᠴᠤᠳ ᠨᠡᠭᠡᠭᠡᠯᠲᠡ ᠬᠢᠬᠦ ᠨᠥᠬᠦᠴᠡᠯ ᠳᠣᠣᠷ᠎ᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠯᠢᠶᠣᠤᠨᠢᠩ ᠤᠨ ᠬᠥᠳᠡᠭᠡ ᠠᠵᠤ ᠠᠬᠤᠢ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠨᠡᠯᠢᠶᠡᠳ ᠰᠠᠶᠢᠨ ᠪᠠᠶᠢᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠪᠣᠳᠠᠲᠠᠢ ᠲᠠᠢ ᠤᠶᠠᠯᠳᠤᠭᠤᠯᠤᠨ ᠭᠠᠷᠳᠠᠴᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠭᠤᠰᠢᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤ ᠡᠯ᠎ᠡ ᠱᠠᠲᠤᠨ ᠤ ᠬᠢᠨ ᠴᠥᠮ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠰᠣᠶᠣᠯ ᠤᠨ ᠤᠤᠭᠠᠯ ᠡᠭᠦᠳᠦᠯᠲᠡ ᠶᠢᠨ ᠬᠦᠴᠦᠨ ᠢ ᠴᠢᠷᠮᠠᠶᠢᠨ ᠳᠡᠭᠡᠭᠰᠢᠯᠡᠭᠦᠯᠵᠦ᠂ ᠨᠡᠩ ᠤᠯᠠᠨ ᠰᠣᠳᠣᠨ ᠪᠦᠲᠦᠭᠡᠯ ᠭᠠᠷᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠣᠶᠣᠯ ᠢᠶᠠᠷ ᠬᠥᠮᠥᠰ ᠤᠨ ᠰᠡᠳᠬᠢᠯ ᠢ ᠨᠡᠩ ᠰᠠᠶᠢᠨ ᠨᠢᠭᠲᠠᠷᠠᠭᠤᠯᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠢᠲᠡᠭᠡᠯ ᠵᠣᠷᠢᠭ ᠢ ᠪᠠᠲᠤᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠥᠭᠵᠢᠭᠦᠯᠦᠨ ᠮᠠᠨᠳᠤᠭᠤᠯᠬᠤ ᠣᠷᠭᠢᠯᠤᠮ᠎ᠠ ᠰᠡᠳᠬᠢᠯᠭᠡ ᠪᠣᠯᠣᠨ ᠲᠡᠮᠡᠴᠡᠯ ᠤᠨ ᠵᠣᠷᠢᠭ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠡᠷᠬᠡᠪᠰᠢ ᠨᠠᠮ ᠤᠨ ᠤᠳᠤᠷᠢᠳᠤᠯᠭ᠎ᠠ ᠶᠢ ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠤᠶ ᠪᠣᠯᠭᠠᠨ ᠪᠠᠲᠤᠯᠠᠵᠤ᠂ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠂ ᠡᠲᠡᠭᠡᠷ ᠢ ᠶᠠᠮᠠᠷᠪᠠ ᠦᠶ᠎ᠡ ᠳᠤ ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠢ ᠲᠤᠭᠤᠰᠢᠯᠠᠭᠤᠯᠵᠤ᠂ ᠡᠯ᠎ᠡ ᠱᠠᠲᠤᠨ ᠤ ᠺᠠᠳ᠋ᠷᠴᠤᠳ ᠤᠨ ᠦᠨᠡᠨ ᠬᠦ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠠᠷᠢᠭᠤᠨ ᠴᠢᠬᠡᠴᠢ ᠪᠠᠶᠢᠵᠤ ᠪᠡᠶ᠎ᠡ ᠪᠠᠨ ᠪᠠᠷᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠤᠨ ᠡᠴᠦᠰ ᠲᠤ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠣᠯᠣᠯ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢ ᠲᠣᠬᠢᠷᠠᠭᠤᠯᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠵᠤ ᠂ ᠠᠷᠠᠳ ᠤᠯᠠᠨ ᠤ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠠᠮᠤᠷ ᠠᠮᠤᠭᠤᠯᠠᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号