12 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ | ᠪᠦᠦ ᠪᠤᠤᠴᠠᠩ ᠪᠠᠯᠭᠠᠰᠤ᠂ ᠶᠦᠩ ᠹᠧᠩ ᠪᠠᠯᠭᠠᠰᠤᠨ ᠳᠤ ᠬᠦᠨᠵᠡᠭᠡᠶᠢᠷᠡᠵᠦ᠂ ᠪᠠᠶᠠᠷ ᠤᠨ ᠡᠳᠦᠷ ᠠᠴᠠ ᠡᠮᠦᠨᠡᠬᠢ | ᠠᠶᠤᠯᠭᠦᠶ ᠦᠶ᠋ᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠴᠧᠨ ᠶᠠᠨ ᠪᠦᠦ ᠤᠷᠢᠳ ᠬᠤᠵᠢᠳ ᠰᠢ ᠪᠦ᠋ ᠰᠢᠲᠠᠮᠠᠬᠠᠢ | ᠬᠡᠢ ᠶᠢᠨ ᠦᠷᠳᠡᠭᠡ᠂ ᠴᠢᠤᠸᠠᠨ ᠴᠢᠶᠣᠤ ᠴᠢᠴᠢᠭᠦᠷ ᠪᠥᠮᠪᠦᠭᠡ ᠶᠢᠨ ᠲᠢᠩᠬᠢᠮ᠂ ᠳ᠋ᠢᠩ ᠱᠧᠩ ᠶᠤᠸᠠᠨ ᠰᠢᠩᠭᠡᠨᠵᠢᠮᠡᠯ | ᠬᠡᠢ ᠶᠢᠨ ᠦᠷᠳᠡᠭᠡ᠂ ᠳᠥᠷᠪᠡᠳᠦᠭᠡᠷ ᠳᠤᠮᠳᠠᠳᠤ ᠰᠤᠷᠭᠠᠭᠤᠯᠢ᠂ ᠶᠦᠩ ᠠᠨ ᠫᠤᠤᠵᠢᠩ ᠤᠨ ᠦᠢᠯᠡᠳᠪᠦᠷᠢ ᠳᠤ | ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ | ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ᠂ ᠭᠡᠮ ᠰᠣᠭᠤᠭ ᠤᠨ ᠪᠠᠶᠢᠴᠠᠭᠠᠯᠳᠠ ᠶᠢᠨ ᠪᠠᠶᠢᠳᠠᠯ | ᠵᠡᠷᠭᠡ ᠶᠢ ᠤᠶᠢᠯᠠᠭᠠᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠤᠷ | ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ᠂ ᠠᠵᠤ ᠠᠬᠤᠶᠢᠯᠠᠯ ᠢ ᠱᠠᠭᠠᠷᠳᠠᠨ | ᠵᠢᠯᠤᠭᠤᠳᠴᠤ ᠪᠠᠶᠢᠭᠠᠳ ᠬᠠᠤᠯᠢ ᠲᠦᠷᠢᠮ ᠰᠠᠬᠢᠬᠤ ᠤᠬᠠᠮᠰᠠᠷ ᠢ ᠲᠡᠭᠡᠭᠰᠢᠯᠡᠬᠦᠯᠵᠦ᠂ ᠡᠯ᠎ᠡ ᠲᠦᠷᠦᠯ ᠤᠨ ᠤᠰᠤᠯ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠤᠣᠯᠳᠠᠯᠭ᠎ᠠ ᠲᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ | ᠬᠡᠰᠡᠭ ᠢ ᠰᠠᠶᠢᠳᠤᠷ ᠠᠩᠬᠠᠷᠴᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠴᠠᠭ | ᠲᠤᠬᠠᠢ ᠳᠤᠨᠢ ᠠᠷᠢᠯᠭᠠᠨ᠂ ᠠᠵᠢᠯᠲᠠᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠦᠬᠦ | ᠬᠤᠰᠢᠭᠤᠨ ᠤ ᠭᠠᠯ ᠰᠡᠷᠭᠡᠶᠢᠯᠡᠯᠳᠡ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠮᠤᠷ | ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠥᠷᠭᠡᠨ ᠤᠯᠠᠨ ᠠᠷᠠᠳ | ᠢᠷᠭᠡᠳ ᠤᠨ ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠦᠨ᠂ ᠠᠷᠠᠳ ᠤᠯᠠᠨ ᠤ ᠠᠮᠤᠷ ᠲᠦᠪᠰᠢᠨ᠂ ᠥᠯᠵᠡᠢ | ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ ᠯᠢ ᠳ᠋ᠦᠩ ᠯᠢᠨ᠂ | ᠯᠢᠦ ᠶᠠ ᠱᠧᠩ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ ᠶᠢᠨ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ |