2024 ᠤᠨ ᠳᠤ᠂ ᠲᠠᠶᠢᠹᠤᠰᠧ ᠬᠤᠰᠢᠭᠤ ᠨᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷ | ᠰᠡᠷᠬᠦᠬᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠢ ᠰᠢᠭᠤᠢ ᠨᠤᠳᠤᠭ | ᠪᠡᠯᠴᠢᠭᠡᠷ ᠢ ᠡᠪᠳᠡᠨ ᠰᠦᠢᠳᠭᠡᠬᠦ ᠳᠤ ᠴᠤᠬᠢᠯᠳᠠ ᠦᠭᠬᠦ ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠢ | ᠥᠷᠨᠢᠭᠦᠯᠦᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠲᠠᠶᠢᠯᠠᠯᠳᠤᠭᠠᠨ ᠢ | ᠡᠬᠢᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ | ᠪᠠ ︽ᠥᠪᠥᠷ ᠮᠣᠩᠭᠤᠯ ᠾᠧᠪᠸᠢ ᠶᠢᠨ ᠵᠠᠭᠠᠭ︾ ᠲᠠᠬᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠡᠭᠦᠷᠭᠡ ᠶᠢ ᠪᠡᠶᠡᠯᠡᠬᠦᠯᠦᠭᠡᠳ᠂ ᠬᠥᠮᠥᠨ ᠤ ᠬᠦᠴᠦ ᠪᠠᠷ 1.89 | ᠲᠦᠮᠡᠨ ᠮᠦ ᠮᠤᠳᠤ ᠲᠠᠷᠢᠵᠤ᠂ 17.08 ᠲᠦᠮᠡᠨ ᠮᠦ ᠲᠠᠴᠢᠷᠰᠢᠭᠰᠠᠨ ᠣᠢ ᠮᠤᠳᠤ ᠶᠢ ᠵᠠᠰᠠᠨ ᠰᠡᠷᠬᠦᠭᠡᠭᠰᠡᠨ | ᠪᠦᠭᠡᠳ 1 ᠲᠦᠮᠡᠨ ᠮᠦ ᠪᠤᠳᠠᠯᠢᠭ ᠮᠣᠳᠣ ᠲᠠᠷᠢᠵᠤ᠂ 5 ᠲᠦᠮᠡᠨ ᠮᠤ᠋ ᠪᠤᠳᠠᠯᠢᠭ ᠮᠤᠳᠤ ᠶᠢ ᠵᠠᠰᠠᠵᠤ᠂ 1 ᠲᠦᠮᠡᠨ | ᠮᠤ᠋ ᠨᠢᠯᠬ᠎ᠠ ᠮᠤᠳᠤ ᠶᠢ ᠠᠷᠠᠴᠢᠯᠠᠨ ᠪᠤᠶᠢᠵᠢᠭᠤᠯᠵᠠᠢ᠃ ︽ᠣᠶᠤᠨᠴᠢ ᠣᠶ ᠰᠢᠭᠤᠶ ᠨᠤᠳᠤᠭ ᠪᠡᠯᠴᠢᠭᠡᠷ ᠤᠨ ᠳᠠᠷᠤᠭ᠎ᠠ︾ | ᠶᠢᠨ ᠮᠡᠳᠡᠭᠡ ᠵᠠᠩᠬᠢ ᠶᠢᠨ ᠲᠠᠪᠴᠠᠩ ᠢ ᠪᠥᠬᠦ ᠣᠷᠣᠨ ᠪᠦᠰᠡ ᠳᠤ ᠳᠡᠯᠭᠡᠷᠡᠭᠦᠯᠵᠦ᠂ 204 ᠲᠦᠮᠡᠨ ᠮᠥ ᠣᠶ | ᠰᠢᠭᠤᠶ ᠨᠤᠳᠤᠭ ᠪᠡᠯᠴᠢᠭᠡᠷ ᠢ ᠬᠢᠨᠠᠯᠲᠠ ᠬᠠᠮᠢᠶᠠᠷᠤᠯᠲᠠ ᠳᠤ ᠤᠷᠤᠭᠤᠯᠪᠠ᠃ ᠲᠤᠰ ᠵᠢᠯ ᠳᠤ᠂ ᠮᠠᠨ ᠤ ᠬᠤᠰᠢᠭᠤ ᠨᠢ | ᠭᠤᠷᠪᠠᠳᠤᠭᠠᠷ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠬᠤᠲᠠ︾ ᠪᠠᠷ ᠴᠤᠯᠠᠯᠠᠭᠳᠠᠵᠠᠢ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠤᠳᠤᠭ ᠪᠡᠯᠴᠢᠭᠡᠷ ᠤᠨ | ᠳᠠᠷᠤᠭ᠎ᠠ ᠶᠢᠨ ᠲᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠭᠠᠷ ᠮᠠᠨᠳᠠᠯ᠂ ᠤᠰᠤ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠭᠠᠳ᠂ ᠠᠭᠠᠷ ᠤᠨ ᠴᠢᠨᠰᠠᠭ᠎ᠠ ᠰᠢᠯᠢᠳᠡᠭ ᠰᠠᠶᠢᠨ | ᠡᠳᠦᠷ 95 % ᠠᠴᠠ ᠲᠠᠪᠠᠵᠤ᠂ ᠤᠤᠭᠤᠬᠤ ᠤᠰᠤᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ | ᠪᠣᠬᠢᠷ ᠤᠰᠤ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠦᠷ 100 % ᠳᠤ ᠬᠦᠷᠦᠭᠰᠡᠨ ᠪᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠭᠡᠰᠡᠭ ᠭᠠᠵᠠᠷ ᠲᠤ ︽ᠨᠡᠬᠦᠷᠡᠰᠦ ᠶᠢ ᠴᠠᠬᠢᠯᠭᠠᠨ ᠪᠤᠯᠭᠠᠬᠤ︾ ᠴᠡᠪᠡᠷ ᠡᠨᠧᠷᠬᠢ | ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠭᠡᠷᠡᠭᠵᠢᠬᠦᠯᠦᠭᠡᠳ᠂ 267 ᠡᠷᠦᠬᠡ ᠨᠡᠬᠦᠷᠡᠰᠦᠨ | ᠵᠤᠤᠬ᠎ᠠ ᠪᠠᠨ ᠴᠠᠬᠢᠯᠭᠠᠨ ᠵᠤᠤᠬ᠎ᠠ ᠪᠤᠯᠭᠠᠨ ᠦᠬᠡᠷᠡᠴᠢᠯᠡᠵᠡᠢ᠃ 1.5 ᠲᠦᠮᠡᠨ ᠮᠥ ᠵᠤᠵᠠᠭᠠᠨ ᠰᠦᠯᠢᠶᠣᠣ | ᠪᠦᠷᠬᠦᠪᠴᠢ ᠂ 2.5 ᠲᠦᠮᠡᠨ ᠮᠥ ᠠᠮᠢᠳᠤ ᠪᠣᠳᠠᠰ ᠤᠨ ᠵᠠᠳᠠᠷᠠᠯᠲᠠ ᠶᠢᠨ ᠪᠦᠷᠬᠦᠪᠴᠢ ᠶᠢ ᠲᠡᠯᠬᠡᠷᠡᠬᠦᠯᠦᠨ | ᠭᠡᠷᠡᠭᠯᠡᠵᠦ᠂ ᠬᠠᠶᠠᠭᠳᠠᠮᠠᠯ ᠬᠠᠭᠤᠴᠢᠨ ᠪᠦᠷᠬᠦᠪᠴᠢ ᠶᠢ ᠬᠤᠷᠢᠶᠠᠨ ᠠᠪᠬᠤ ᠨᠣᠷᠮ᠎ᠠ 85% ᠳᠤ ᠬᠦᠷᠪᠡ᠃ 16 | ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ ᠶᠢ ᠬᠢᠵᠦ᠂ ᠲᠸᠦ ᠬᠤᠤ ᠲᠣᠰᠬᠤᠨ ᠤ | ᠦᠶᠡᠷ ᠰᠡᠷᠭᠡᠶᠢᠯᠡᠬᠦ ᠢᠨᠵᠧᠨᠧᠷᠢᠩ᠂ ᠪᠤᠤᠴᠠᠩ ᠭᠤᠤᠯ ᠤᠨ ᠵᠠᠰᠠᠯᠲᠠ ᠶᠢᠨ ᠢᠨᠵᠧᠨᠧᠷᠢᠩ ᠢ ᠲᠣᠭᠲᠠᠭᠰᠠᠨ | ᠬᠤᠭᠤᠴᠠᠭᠠᠨ ᠳᠤ ᠳᠠᠭᠤᠰᠬᠠᠪᠠ᠃ 50 ᠾᠧᠺᠲ᠋ᠠᠷ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠵᠠᠰᠠᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠪᠠ ᠬᠠᠮᠢᠶᠠᠷᠬᠤ ᠬᠦᠮᠦᠨ ᠦᠭᠡᠢ ᠬᠠᠶᠠᠭᠳᠠᠮᠠᠯ ᠠᠭᠤᠷᠬᠠᠶ ᠶᠢᠨ ᠨᠦᠬᠡ | ᠭᠠᠩᠭ᠎ᠠ 168 ᠶᠢ ᠵᠠᠰᠠᠨ ᠰᠡᠷᠭᠦᠭᠡᠵᠦ᠂ 1 ᠡᠷᠦᠬᠡ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢ | ᠪᠠᠶᠢᠭᠤᠯᠵᠠᠢ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ 4 | ᠬᠤᠪᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠲᠠᠶᠢᠹᠤᠰᠧ ᠬᠤᠰᠢᠭᠤᠨ ᠤ | ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠨᠢ ᠬᠤᠶᠠᠳᠤᠭᠠᠷ ᠪᠦᠯᠦᠭ ᠤᠨ ︽ᠤᠯᠤᠰ ᠤᠨ ᠠᠮᠢ | ᠠᠬᠤᠢ ᠶᠢᠨ ᠶᠠᠰᠤ ᠴᠢᠨᠠᠷ ᠢ ᠬᠢᠨᠠᠨ ᠬᠡᠮᠵᠢᠬᠦ ᠥᠷᠲᠡᠭᠡ︾ ᠪᠠᠷ ᠰᠣᠩᠭᠤᠭᠳᠠᠪᠠ᠃ |