ᠲᠠᠶᠢᠹᠤᠰᠧ ᠬᠤᠰᠢᠭᠤ ᠠᠷᠠᠳ ᠤᠨ ᠠᠮᠢᠳᠤᠷᠠᠯ ᠤᠨ ᠪᠠᠳᠤᠯᠠᠭᠠᠨ ᠤ ᠲᠦᠪᠰᠢᠨ ᠢ ᠲᠣᠭᠲᠠᠭᠤᠨ ᠢᠶᠠᠷ ᠲᠡᠭᠡᠭᠰᠢᠯᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2025/1/31
  2024 ᠤᠨ ᠳᠤ᠂ ᠲᠠᠶᠢᠹᠤᠰᠧ ᠬᠤᠰᠢᠭᠤ ᠨᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠤᠰᠪᠤᠷᠢ 16.3 ᠲᠦᠮᠡ ᠪᠠ 13.2 ᠲᠦᠮᠡ ᠳᠤ ᠬᠦᠷᠴᠦ᠂ ᠡᠯ᠎ᠡ ᠵᠦᠢᠯ ᠤᠨ ᠳᠠᠭᠠᠳᠬᠠᠯ ᠤᠨ ᠲᠥᠷᠥᠯ ᠵᠦᠢᠯ  ᠨᠢ  ᠪᠦᠷ ᠬᠡᠪᠴᠢᠶ᠎ᠡ ᠥᠷᠭᠡᠳᠬᠡᠬᠦ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠬᠦᠯᠵᠡᠢ᠃ ᠨᠡᠶᠢᠭᠡᠮ ᠤᠨ ᠠᠪᠤᠷᠠᠨ ᠲᠤᠰᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂  ᠵᠡᠮᠳᠡᠭᠴᠤᠤᠯ ᠤᠨ ᠠᠰᠠᠷᠠᠮᠵᠢ᠂ ᠣᠨᠴᠠ ᠬᠦᠴᠢᠷᠳᠡᠯᠲᠡᠶ ᠬᠦᠮᠦᠰ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠳᠡ 1.26 ᠳ᠋ᠦᠩᠰᠢᠭᠤᠷ ᠲᠥᠭᠦᠷᠢᠭ ᠲᠠᠷᠬᠠᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠠᠰᠠᠷᠠᠨ ᠬᠠᠷᠠᠭᠠᠯᠵᠠᠬᠤ ᠨᠢᠭᠤᠷᠯᠠᠯ ᠤᠨ ᠬᠠᠷᠠᠭᠠᠯᠵᠠᠯ ᠤᠨ ᠮᠦᠩᠬᠦ᠂ ᠣᠷᠣᠨ ᠨᠤᠲᠤᠭ ᠤᠨ ᠠᠵᠤ ᠠᠬᠤᠶ ᠶᠢᠨ ᠨᠥᠬᠦᠪᠥᠷᠢ ᠶᠢ ᠨᠡᠶᠢᠳᠡ 1161.7 ᠲᠦᠮᠡᠨ ᠲᠥᠭᠦᠷᠢᠭ ᠲᠠᠷᠬᠠᠭᠠᠪᠠ᠃ ᠭᠤᠷᠪᠠᠨ ᠲᠠᠪᠬᠤᠷ ᠪᠠᠲᠤᠯᠠᠭ᠎ᠠ ᠶᠢᠨ ᠴᠢᠳᠠᠮᠵᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 4000 ᠲᠦᠮᠡᠨ ᠲᠥᠭᠦᠷᠢᠭ ᠲᠤ ᠬᠦᠷᠴᠦ᠂  5600 ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠬᠤᠲᠠ ᠪᠠᠯᠭᠠᠰᠤᠨ ᠤ 615 ᠬᠥᠮᠦᠨ ᠳᠤ ᠰᠢᠨ᠎ᠡ ᠪᠠᠷ ᠠᠵᠢᠯ ᠣᠯᠭᠤᠵᠤ᠂ 323 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 38403 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ  710 ᠬᠥᠮᠦᠨ ᠤᠳᠠᠭ᠎ᠠ ᠳᠤ ᠠᠵᠢᠯ ᠮᠡᠷᠭᠡᠵᠢᠯ ᠤᠨ ᠪᠣᠯᠪᠠᠰᠤᠷᠠᠯ ᠬᠦᠷᠳᠡᠭᠡᠭᠡᠳ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠤ ᠳᠤᠮᠳᠠ ᠰᠠᠶᠢᠵᠢᠷᠠᠭᠰᠠᠨ ᠪᠠᠶᠢᠨ᠎ᠠ᠃ ᠠᠵᠢᠯ ᠣᠯᠵᠤ ᠦᠢᠯᠡᠰ ᠪᠦᠳᠦᠬᠡᠬᠦ  ᠶᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠢᠯᠴᠢᠨ ᠡᠯᠰᠡᠬᠦ ᠬᠤᠷᠠᠯ ᠢ 12 ᠤᠳᠠᠭ᠎ᠠ ᠡᠷᠬᠢᠯᠡᠨ  9984 ᠠᠵᠢᠯ ᠤᠨ ᠪᠠᠶᠢᠷᠢ ᠶᠢ ᠨᠡᠭᠡᠭᠡᠵᠦ᠂ 1436 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠶᠢ ᠲᠠᠷᠬᠠᠭᠠᠵᠠᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠨᠠᠰᠤᠲᠠᠶᠢᠴᠤᠳ ᠲᠤ ᠵᠤᠷᠢᠭᠤᠯᠤᠭᠰᠠᠨ ᠬᠢᠮᠳᠠ ᠦᠨ᠎ᠡ ᠶᠢᠨ ᠬᠤᠭᠤᠯᠠᠨ ᠭᠡᠷ 3 ᠶᠢ ᠪᠠᠶᠢᠭᠤᠯᠤᠭᠰᠠᠨ ᠪᠦᠭᠡᠳ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠢᠷᠭᠠᠯᠠᠩᠳᠤ ᠬᠦᠷᠢᠶᠡᠯᠡᠩ ᠢ ᠪᠦᠬᠦᠨ ᠢ ᠪᠠᠶᠢᠭᠤᠯᠵᠤ ᠳᠠᠭᠤᠰᠬᠠᠪᠠ᠃ ︽ᠭᠤᠷᠪᠠᠨ ᠤᠷᠤᠨ ᠳᠣᠯᠣᠭᠠᠨ ᠲᠣᠭᠤᠷᠢᠭ︾ ᠤᠨ ᠬᠡᠪᠴᠢᠶᠡᠨ ᠳᠤ ᠳᠤᠷ᠎ᠠ ᠪᠠᠷ ᠢᠶᠠᠨ ᠤᠩᠭᠤᠨ ᠪᠤᠯᠠᠰᠢ ᠭᠠᠷᠭᠠᠬᠤ ᠶᠢ ᠪᠦᠬᠦ ᠲᠠᠯ᠎ᠠ ᠪᠠᠷ ᠵᠠᠰᠠᠵᠤ᠂ 8800 ᠣᠩᠭᠤᠨ ᠪᠤᠯᠠᠰᠢ ᠶᠢ ᠮᠤᠳᠤ ᠲᠠᠷᠢᠵᠤ ᠬᠠᠯᠬᠠᠯᠠᠭᠰᠠᠨ ᠪᠠᠶᠢᠨ᠎ᠠ᠃  ᠲᠠᠢ ᠫᠢᠩ ᠨᠡᠶᠢᠭᠡᠮ ᠲᠣᠭᠤᠷᠢᠭ ᠲᠤ ︽ᠲᠢᠶᠠᠨ ᠢ ᠤᠶᠤᠨᠴᠢ ᠨᠡᠶᠢᠭᠡᠮ ᠲᠣᠭᠤᠷᠢᠭ︾ ᠢ ᠪᠠᠶᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠬᠦᠯᠬᠦ ᠪᠠ ᠣᠯᠠᠨ ᠲᠦᠮᠡᠨ ᠳᠤ ᠴᠢᠨᠠᠷ ᠰᠠᠶᠢᠲᠠᠶ ᠦᠢᠯᠡᠴᠢᠯᠡᠬᠦ ᠬᠤᠤᠰ ᠬᠠᠷᠠᠯᠲᠠ ᠶᠢ  ᠪᠡᠶᠡᠯᠡᠬᠦᠯᠦᠭᠡᠳ᠂ ᠪᠥᠬᠦ ᠠᠶᠢᠮᠠᠭ ᠲᠠᠭᠠᠨ ᠡᠮᠦᠨ᠎ᠡ ᠨᠢ ᠬᠤᠰᠢᠭᠤᠷᠠᠵᠠᠢ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号