ᠬᠤᠰᠢᠭᠤᠨ ᠤ ᠤᠳᠤᠷᠢᠳᠤᠯᠭ᠎ᠠ ᠨᠠᠷ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/1/31
  1 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠠᠵᠢᠯ ᠤᠨ ᠪᠠᠶᠢᠷᠢ ᠳᠠᠭᠠᠨ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠡᠢ᠃ ᠲᠣᠬᠤᠨᠢᠭᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ 110 ᠵᠢᠯᠣᠭᠤᠳᠬᠤ ᠲᠥᠪ᠂ ᠠᠷᠠᠳ ᠤᠨ ᠡᠮᠨᠡᠯᠭᠡ ᠶᠢᠨ ᠬᠤᠷᠢᠶ᠎ᠠ᠂ ᠱᠧᠨ ᠨᠧᠩ ᠢᠯᠴᠢ ᠴᠠᠬᠢᠯᠭᠠᠨ ᠤ ᠦᠢᠯᠡᠳᠪᠦᠷᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠲᠦᠭᠡᠭᠡᠯ ᠤᠰᠤᠨ ᠤ ᠺᠣᠮᠫᠠᠨᠢ᠂ ᠰᠢᠨ ᠭᠠᠩ ᠢᠯᠴᠢ ᠬᠠᠩᠭᠠᠬᠤ ᠺᠣᠮᠫᠠᠨᠢ᠂ ᠬᠠᠮ ᠵᠠᠭᠤᠴᠢᠯᠠᠭᠤᠷ ᠤᠨ ᠲᠥᠪ ᠵᠡᠷᠭᠡ ᠪᠠᠶᠢᠭᠤᠯᠭ᠎ᠠ ᠨᠢᠭᠡᠴᠡ ᠪᠠ ᠠᠵᠤ ᠠᠬᠤᠶᠢᠯᠠᠯ ᠳᠤ ᠬᠦᠷᠴᠦ᠂ ᠡᠮᠦᠨ᠎ᠡ ᠹᠷᠣᠨᠲ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠥᠷᠭᠡᠨ ᠣᠯᠠᠨ ᠺᠠᠳ᠋ᠷ ᠠᠵᠢᠯᠲᠠᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ  ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃ ᠲᠣᠬᠤᠨᠢᠭᠤᠯᠬᠤ ᠳᠤᠭᠤᠶᠢᠯᠠᠩ  ᠠᠵᠢᠯᠳᠠᠳ ᠲᠠᠢ ᠲᠤᠳᠤᠨᠤᠰᠤᠭ  ᠢᠶᠠᠷ ᠶᠠᠷᠢᠯᠴᠠᠵᠤ᠂ ᠡᠯ᠎ᠡ ᠨᠢᠭᠡᠴᠡ ᠶᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠤᠨ ᠲᠦᠯᠦᠪᠯᠡᠭᠡ ᠪᠠ ᠵᠢᠵᠢᠭᠦᠷ ᠤᠨ ᠪᠠᠶᠢᠷᠢᠯᠠᠭᠤᠯᠤᠯᠳᠠ ᠶᠢ ᠨᠠᠷᠢᠨ ᠨᠢᠮᠪᠠᠶ ᠠᠰᠠᠭᠤᠨ ᠯᠠᠪᠯᠠᠬᠤ ᠶᠢᠨ ᠬᠠᠮᠳᠤ᠂  ᠠᠵᠢᠯ ᠤᠨ ᠪᠠᠶᠢᠷᠢ ᠪᠠᠨ ᠪᠠᠲᠤ ᠰᠠᠬᠢᠵᠤ᠂  ᠤᠯᠠᠨ ᠤ ᠲᠦᠯᠦᠭᠡ ᠦᠨᠡᠨᠴᠢ ᠪᠠᠷ ᠵᠢᠳᠬᠦᠳᠡᠭ ᠵᠣᠷᠢᠭ ᠰᠠᠨᠠᠭ᠎ᠠ ᠶᠢ ᠨᠢ ᠮᠠᠭᠲᠠᠨ ᠰᠠᠶᠢᠰᠢᠶᠠᠵᠤ᠂  ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠠᠵᠢᠯ ᠤᠨ ᠪᠠᠶᠢᠷᠢ   ᠪᠠᠨ ᠰᠠᠶᠢᠲᠤᠷ ᠰᠠᠬᠢᠵᠤ᠂ ᠡᠯ᠎ᠡ ᠲᠦᠷᠦᠯ ᠤᠨ ᠦᠢᠯᠡᠴᠢᠯᠡᠭᠡ ᠪᠠᠳᠤᠯᠠᠭᠠᠨ ᠤ ᠠᠵᠢᠯ ᠢ ᠰᠡᠳᠬᠢᠯ ᠳᠡᠯᠪᠢᠨ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ ᠲᠦᠮᠡᠨ ᠤ ᠠᠮᠤᠷ ᠠᠮᠤᠭᠤᠯᠠᠩ᠂ ᠠᠵᠠ ᠵᠢᠷᠭᠠᠯ ᠲᠠᠢ᠂ ᠥᠯᠵᠡᠶ ᠪᠡᠯᠭᠡ ᠲᠠᠢ ᠰᠢᠨᠡᠯᠡᠬᠦ ᠶᠢ ᠪᠠᠳᠤᠯᠠᠳᠤᠭᠠᠢ ᠬᠡᠵᠦ ᠠᠵᠢᠯᠳᠠᠳ ᠢ ᠵᠤᠷᠢᠬᠵᠢᠭᠤᠯᠤᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号