2024 ᠤᠨ ᠳᠤ᠂ ᠲᠠᠶᠢᠹᠤᠰᠧ ᠬᠤᠰᠢᠭᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ | ᠴᠡᠴᠡᠷᠯᠢᠭ ᠤᠨ ᠪᠦᠷᠬᠦᠴᠡ 85% ᠶᠢ ᠲᠠᠪᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ | ᠬᠦᠩᠭᠡᠷᠡᠬᠦᠯᠬᠦ︾ ᠠᠵᠢᠯ ᠦᠷᠭᠦᠯᠵᠢᠯᠡᠨ ᠪᠠᠬᠢᠵᠢᠵᠦ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠪᠦᠷ ᠰᠢᠨ᠎ᠡ | ᠲᠡᠭᠡᠭᠰᠢᠯᠡᠯᠳᠡ ᠲᠠᠢ ᠪᠤᠯᠵᠤ᠂ ᠬᠦᠨᠪᠤᠯᠠᠭ ᠮᠤᠩᠭᠤᠯ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠲᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠪᠥᠬᠦ ᠠᠶᠢᠮᠠᠭ ᠲᠠᠭᠠᠨ ᠲᠡᠷᠢᠬᠦᠯᠡᠵᠡᠢ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠨᠢ ᠰᠤᠷᠭᠠᠭᠤᠯᠢ ᠪᠠ ᠰᠤᠷᠭᠠᠭᠤᠯᠢ ᠬᠠᠮᠳᠤᠷᠠᠯᠴᠠᠭᠰᠠᠨ᠂ ᠰᠤᠷᠭᠠᠭᠤᠯᠢ ᠪᠠ ᠠᠵᠤ | ᠠᠬᠤᠶᠢᠯᠠᠯ ᠬᠠᠮᠳᠤᠷᠠᠯᠴᠠᠭᠰᠠᠨ᠂ ᠠᠵᠤ ᠦᠢᠯᠡᠰ ᠪᠠ ᠵᠢᠭᠠᠨ ᠰᠤᠷᠭᠠᠯᠲᠠ ᠠᠭᠤᠰᠤᠯᠴᠠᠭᠰᠠᠨ ᠴᠢᠳᠠᠪᠤᠷᠢᠲᠠᠨ | ᠬᠥᠮᠦᠵᠢᠭᠦᠯᠬᠦ ᠰᠢᠨ᠎ᠡ ᠵᠠᠭᠪᠤᠷ ᠢ ᠪᠣᠶ ᠪᠤᠯᠭᠠᠪᠠ᠃ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠲᠠᠰᠤᠷᠠᠯᠲᠠ | ᠥᠬᠡᠶ ᠲᠡᠭᠦᠯᠳᠡᠷᠵᠢᠵᠦ᠂ 2 ᠰᠠᠭᠤᠷᠢ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ᠂ 2 ᠰᠠᠭᠤᠷᠢ | ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ᠂ 2 ᠰᠠᠭᠤᠷᠢ ᠳᠤᠮᠳᠠᠳᠤ ᠰᠤᠷᠭᠠᠭᠤᠯᠢ ᠶᠢᠨ ᠬᠤᠭᠤᠯᠠᠨ ᠬᠡᠷ᠂ 3 | ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠰᠡᠷᠭᠡᠶᠢᠯᠡᠬᠦ ᠥᠭᠡᠷᠡᠴᠢᠯᠡᠯᠲᠡ ᠶᠢᠨ ᠢᠨᠵᠧᠨᠧᠷᠢᠩ ᠢ | ᠲᠠᠭᠤᠰᠬᠠᠭᠰᠠᠨ ᠪᠦᠭᠡᠳ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠮᠢᠷ ᠤᠨ ᠣᠷᠳᠣᠨ ᠤ ᠪᠠᠷᠢᠯᠭ᠎ᠠ ᠡᠬᠢᠯᠡᠵᠦ᠂ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠶᠤᠨᠴᠢ ᠲᠤᠷᠰᠢᠯᠲᠠ ᠶᠢᠨ ᠲᠠᠰᠤᠭ ᠠᠰᠢᠭᠯᠠᠯᠲᠠ ᠳᠤ ᠤᠷᠤᠭᠰᠠᠨ | ᠪᠠᠶᠢᠨ᠎ᠠ᠃ ᠲᠤᠰ ᠵᠢᠯ 26 ᠪᠠᠭᠰᠢ ᠶᠢ ᠰᠢᠨ᠎ᠡ ᠪᠠᠷ ᠤᠷᠢᠵᠤ ᠭᠡᠷᠡᠭᠯᠡᠨ᠂ ᠬᠤᠰᠢᠭᠤᠨ ᠤ ᠭᠠᠳᠠᠨ᠎ᠠ ᠠᠴᠠ 5 | ᠪᠠᠭᠰᠢ ᠶᠢ ᠰᠢᠯᠵᠢᠭᠦᠯᠦᠨ ᠠᠪᠴᠢᠷᠠᠵᠤ᠂ ᠪᠠᠭᠰᠢ ᠶᠢᠨ ᠡᠩᠨᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠪᠡ᠃ |