ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠡᠯ᠎ᠡ ᠲᠦᠷᠦᠯ ᠤᠨ ᠠᠵᠢᠯ ᠦᠢᠯᠡᠰ ᠰᠢᠨ᠎ᠡ ᠠᠮᠵᠢᠯᠳᠠ ᠤᠯᠤᠭᠰᠠᠨ
ᠨᠡᠶᠢᠲᠡᠯᠡᠭᠰᠡᠨ ᠴᠠᠭ᠄
2025/1/31
   2024 ᠣᠨ ᠳᠤ᠂  ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠰᠢ ᠶᠢᠨ ᠫᠢᠩ  ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ  ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮᠵᠢ ᠶᠢ ᠲᠡᠬᠦᠯᠳᠡᠷᠵᠢᠬᠦᠯᠬᠦ ᠲᠤᠬᠠᠢ ᠲᠤᠷᠠᠳᠤᠭᠰᠠᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠬᠦᠷᠭᠡ ᠬᠠᠷᠢᠭᠤᠴᠠᠯᠭ᠎ᠠ ᠶᠢ ᠦᠨᠡᠨᠴᠢ ᠪᠠᠷ ᠬᠦᠢᠴᠡᠳᠭᠡᠭᠡᠳ᠂ ᠡᠯ᠎ᠡ ᠲᠦᠷᠦᠯ ᠤᠨ ᠠᠵᠢᠯ ᠦᠢᠯᠡᠰ ᠰᠢᠨ᠎ᠡ ᠠᠮᠵᠢᠯᠳᠠ ᠶᠢ ᠤᠯᠵᠠᠢ᠃ 2024 ᠣᠨ ᠳᠤ᠂  3919 ᠬᠤᠪᠢ ᠵᠠᠷᠭᠤ ᠶᠢ ᠭᠥᠯᠢᠶᠡᠨ ᠠᠪᠴᠤ  ᠂ ᠠᠳᠠᠯᠢ ᠬᠤᠭᠤᠴᠠᠭᠠᠨ ᠤ ᠬᠢ ᠠᠴᠠ 22.39%  ᠪᠠᠷ ᠨᠡᠮᠡᠭᠳᠡᠨ᠂  3731 ᠬᠤᠪᠢ ᠵᠠᠷᠭᠤ ᠶᠢ ᠰᠢᠭᠦᠨ ᠳᠠᠭᠤᠰᠬᠠᠵᠤ᠂  ᠠᠳᠠᠯᠢ ᠬᠤᠭᠤᠴᠠᠭᠠᠨ ᠤ ᠬᠢ ᠠᠴᠠ 24.33% ᠪᠠᠷ 24.33% ᠪᠠᠷ ᠨᠡᠮᠡᠭᠳᠡᠭᠡᠳ᠂  ᠰᠢᠬᠦᠨ ᠳᠠᠭᠤᠰᠬᠠᠭᠰᠠᠨ ᠵᠠᠷᠭᠤ ᠶᠢᠨ ᠲᠤᠭ᠎ᠠ ᠶᠢ ᠲᠡᠭᠰᠢᠳᠭᠡᠪᠡᠯ ᠰᠢᠭᠦᠭᠴᠢ ᠪᠦᠷᠢ ᠳᠤ 248.7 ᠨᠤᠭᠳᠠᠵᠤ᠂  ᠲᠡᠭᠡᠷ᠎ᠡ ᠵᠢᠯ ᠤᠨ ᠬᠢ ᠠᠴᠠ 12.42 ᠵᠠᠭᠤᠨ ᠤ ᠬᠤᠪᠢ ᠶᠢᠨ ᠴᠡᠭ ᠨᠡᠮᠡᠭᠳᠡᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号