ᠲᠠᠶᠢᠹᠤᠰᠧ ᠬᠤᠰᠢᠭᠤᠨ ᠤ ᠬᠢᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠯᠳᠡ ᠬᠢᠭᠰᠡᠨ
ᠨᠡᠶᠢᠲᠡᠯᠡᠭᠰᠡᠨ ᠴᠠᠭ᠄
2025/1/8
  1 ᠰᠠᠷ᠎ᠠ ᠶᠢᠨ 5᠎ ᠤ ᠡᠳᠦᠷ ᠠᠴᠠ 6᠎ ᠤ ᠡᠳᠦᠷ ᠪᠣᠯᠲᠠᠯ᠎ᠠ᠂ ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠰᠠᠯᠠᠭ᠎ᠠ ᠮᠦᠴᠢᠷ ᠎ ᠤᠨ ᠬᠢᠨ ᠬᠤᠯᠪᠤᠭᠠᠯᠠᠵᠤ᠂  ᠰᠠᠷ᠎ᠠ ᠰᠢᠨ᠎ᠡ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠡᠮᠬᠢ ᠲᠢᠭᠯᠡᠮ ᠢ ᠬᠠᠮᠠᠭᠠᠯᠠᠬᠤ  ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠦᠷᠨᠢᠬᠦᠯᠦᠭᠡᠳ᠂ ᠪᠣᠯᠪᠠᠰᠤᠨ ᠬᠤᠲᠠ ᠶᠢᠨ ᠪᠠᠶᠢᠭᠤᠯᠤᠯᠲᠠ ᠶᠢ ᠭᠦᠨᠵᠡᠭᠡᠢ  ᠠᠬᠢᠭᠤᠯᠵᠤ᠂  ᠡᠶ᠎ᠡ ᠵᠤᠬᠢᠴᠠᠩᠭᠤᠢ ᠰᠠᠶᠢᠨ ᠰᠠᠶᠢᠬᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠤᠯᠭᠠᠵᠠᠢ᠃ ᠬᠠᠤᠯᠢ ᠬᠡᠷᠡᠭᠵᠢᠭᠦᠯᠬᠦ ᠠᠵᠢᠯᠲᠠᠳ ᠤᠶᠠᠨ ᠬᠠᠲᠠᠨ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠷ ᠡᠵᠡᠩᠨᠡᠭᠴᠢᠳ ᠲᠤ ᠬᠠᠮᠢᠶ᠎ᠠ ᠪᠥᠬᠦᠶ ᠬᠠᠤᠯᠢ  ᠲᠦᠷᠢᠮ ᠪᠠ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠤᠭᠤᠭ ᠢ ᠲᠠᠶᠢᠯᠪᠤᠷᠢᠯᠠᠨ ᠦᠭᠴᠦ  ᠂ ᠡᠵᠡᠩᠨᠡᠭᠴᠢᠳ ᠤᠨ ᠲᠣᠭᠲᠠᠭᠰᠠᠨ ᠭᠠᠵᠠᠷ ᠲᠤ ᠬᠦᠷᠴᠦ ᠡᠵᠡᠩᠨᠡᠯᠲᠡ ᠶᠢᠨ ᠠᠵᠢᠯᠯᠠᠭ᠎ᠠ  ᠬᠢᠬᠦ ᠶᠢ ᠢᠳᠬᠠᠨ ᠰᠠᠨᠠᠭᠤᠯᠤᠭᠰᠠᠨ ᠪᠠᠶᠢᠨ᠎ᠠ᠃   ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠡᠳ᠋ ᠳᠠᠷᠤᠭ᠎ᠠ ᠢ ᡁᠢ ᠭᠠᠩ᠄ ︽ᠵᠠᠮ ᠡᠵᠡᠯᠡᠭᠰᠡᠨ ᠡᠵᠡᠩᠨᠡᠯᠲᠡ ᠨᠢ ᠬᠤᠲᠠ ᠶᠢᠨ ᠵᠠᠮ ᠬᠠᠷᠢᠯᠴᠠᠭᠠᠨ ᠤ ᠡᠮᠬᠢ ᠲᠢᠭᠯᠡᠮ ᠪᠠ ᠬᠤᠲᠠ ᠶᠢᠨ ᠦᠩᠬᠡ ᠲᠦᠷᠬᠦ ᠶᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠠᠮᠤᠷ ᠲᠦᠪᠰᠢᠨ ᠤ ᠭᠡᠮ ᠰᠤᠭᠤᠭ ᠢ ᠭᠠᠷᠭᠠᠳᠠᠭ᠃ ᠪᠢᠳᠡ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃  ᠥᠷᠭᠡᠨ ᠣᠯᠠᠨ ᠬᠤᠲᠠ ᠶᠢᠨ ᠠᠷᠠᠳ ᠴᠤ ᠮᠠᠨ ᠤ ᠠᠵᠢᠯ ᠳᠤ ᠢᠳᠡᠪᠬᠢᠲᠡᠶ ᠬᠠᠮᠵᠢᠯᠴᠠᠵᠤ᠂ ᠴᠡᠪᠡᠷ ᠴᠡᠮᠴᠡᠭᠡᠷ᠂ ᠡᠮᠬᠢ ᠲᠢᠭᠯᠡᠮ ᠲᠠᠢ ᠬᠤᠲᠠ ᠪᠠᠯᠭᠠᠰᠤ ᠪᠠᠨ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号