ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2025/1/8
 1 ᠰᠠᠷ᠎ᠠ ᠶᠢᠨ 7᠎ ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ ᠡᠨᠡ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ 28 ᠬᠥᠮᠦᠨ᠂ ᠪᠣᠳᠠᠲᠠᠶ ᠣᠷᠣᠯᠴᠠᠭᠰᠠᠨ ᠨᠢ 21 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂ ᠬᠤᠷᠠᠯ ᠤᠨ ᠵᠥᠪᠯᠡᠬᠦ ᠵᠦᠢᠯ ︵ᠲᠥᠰᠦᠯ︶᠎ ᠢ ᠪᠠᠳᠤᠯᠠᠵᠤ᠂  ᠬᠤᠰᠢᠭᠤ ᠵᠠᠰᠠᠭ ᠤᠨ ᠣᠷᠳᠣᠨ ᠤ ︽ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠭᠡᠷᠡᠭᠵᠢᠬᠦᠯᠦᠭᠰᠡᠨ ᠪᠠᠶᠢᠳᠠᠯ ᠪᠠ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡᠨ ᠤ ᠲᠥᠰᠦᠯ ᠤᠨ ᠲᠤᠬᠠᠢ ᠮᠡᠳᠡᠭᠦᠯᠦᠯᠲᠡ︾ ︽ᠲᠠᠶᠢᠹᠤᠰᠧ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ︾  ︽ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾  ᠵᠢᠴᠢ  ᠠᠷᠠᠳ ᠤᠨ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ︵ᠲᠥᠰᠦᠯ︶᠎ ᠢ ᠬᠢᠨᠠᠨ ᠵᠦᠪᠯᠡᠭᠰᠡᠨ ᠪᠠᠶᠢᠨ᠎ᠠ᠃ ᠬᠤᠷᠠᠯ ᠲᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠢ ᠶᠠᠪᠤᠭᠤᠯᠵᠠᠢ᠃ ᠦ᠋ ᠭᠤᠸᠠᠩ ᠹᠧᠩ᠂ ᠵᠠᠩ ᠸᠧᠨ ᠴᠠᠩ  ᠬᠤᠷᠠᠯ ᠳᠤ ᠤᠷᠤᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠯᠢᠦ ᠲᠢᠩ ᠰᠢᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠱᠢ ᠵᠠᠨ ᠵᠢᠶᠦ᠋ᠨ᠂ ᠭᠦᠨᠪᠤᠯᠠᠭ ᠰᠤᠮᠤ᠂ ᠪᠤᠤᠴᠠᠩ ᠪᠠᠯᠭᠠᠰᠤ᠂ ᠯᠦᠸᠧ ᠲᠦᠸᠧ ᠱᠠᠨ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠡᠰᠡᠭ ᠬᠤᠰᠢᠭᠤ ᠱᠠᠳᠤᠨ ᠤ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号