ᠲᠠᠶᠢᠹᠤᠰᠧ ᠬᠤᠰᠢᠭᠤᠨ ᠤ ᠬᠢᠨ ︽ᠠᠵᠢᠯ ᠤᠨ ᠪᠠᠶᠢᠷᠢ ᠬᠠᠶᠢᠵᠤ ᠠᠵᠢᠯ ᠣᠯᠭᠤᠯᠲᠠ ᠶᠢ ᠠᠬᠢᠭᠤᠯᠬᠤ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/8
  ᠮᠠᠯᠴᠢᠨ ᠲᠠᠷᠢᠶᠠᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠦᠢᠯᠡᠴᠢᠯᠡᠬᠦ ᠠᠵᠢᠯ ᠢ ᠰᠠᠶᠢᠨ ᠬᠢᠵᠦ᠂ 2025 ᠣᠨ ᠤ ︽ᠤᠷᠢᠬᠠᠨ ᠰᠠᠯᠬᠢ︾ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠦᠯᠦᠭᠡ᠂ ᠤᠶᠢᠷ᠎ᠠ ᠳᠤ ᠲᠠᠶᠢᠹᠤᠰᠧ ᠬᠤᠰᠢᠭᠤᠨ ᠤ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠬᠢᠨ ᠠᠵᠤ ᠠᠬᠤᠶᠢᠯᠠᠯ ᠤᠳ ᠢᠶᠠᠷ ᠬᠦᠨᠵᠡᠬᠡᠶᠢᠷᠡᠵᠦ᠂ ︽ᠠᠵᠢᠯ ᠤᠨ ᠪᠠᠶᠢᠷᠢ ᠬᠠᠶᠢᠵᠤ ᠠᠵᠢᠯ ᠣᠯᠭᠤᠯᠲᠠ ᠶᠢ ᠠᠬᠢᠭᠤᠯᠬᠤ ︾ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠥᠪᠥᠷ ᠮᠣᠩᠭᠤᠯ ᠤᠨ ᠵᠢᠩ ᠴᠧᠩ ᠴᠠᠬᠢᠯᠭᠠᠨ ᠲᠡᠭᠡᠰᠦᠨ ᠤ ᠬᠢᠵᠠᠭᠠᠷᠲᠤ ᠺᠣᠮᠫᠠᠨᠢ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠳ ᠠᠴᠠ ᠠᠵᠤ ᠠᠬᠤᠶᠢᠯᠠᠯ ᠳᠤ ︽ᠤᠷᠢᠬᠠᠨ ᠰᠠᠯᠬᠢ︾  ᠠᠵᠢᠯᠯᠠᠭᠠᠨ ᠤ ᠪᠣᠳᠠᠲᠠᠢ ᠠᠭᠤᠯᠭ᠎ᠠ ᠪᠠ ᠠᠵᠢᠯ ᠣᠯᠵᠤ ᠦᠢᠯᠡᠰ ᠪᠦᠳᠦᠬᠡᠬᠦ ᠪᠣᠯᠪᠠᠰᠤᠷᠠᠯ ᠤᠨ ᠲᠦᠷᠦ ᠶᠢᠨ ᠪᠣᠳᠣᠯᠭ᠎ᠠ ᠶᠢ ᠤᠬᠠᠭᠤᠯᠤᠭᠰᠠᠨ ᠪᠥᠭᠡᠳ ᠠᠵᠤ ᠠᠬᠤᠶᠢᠯᠠᠯ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠲᠤᠬᠠᠢ ᠶᠢᠨ ᠲᠠᠯᠠᠪᠤᠷ ᠲᠤ  ᠬᠠᠷᠢᠭᠤᠯᠳᠠ ᠦᠭᠬᠦᠭᠰᠡᠨ ᠪᠠᠶᠢᠨ᠎ᠠ᠃  ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠪᠠᠰᠠ ᠠᠵᠢᠯᠳᠠᠳ ᠢ ᠲᠠᠭᠠᠭᠤᠯᠤᠨ ᠦᠢᠯᠡᠳᠪᠦᠷᠢᠯᠡᠯ ᠤᠨ ᠲᠠᠰᠤᠭ᠂ ᠠᠵᠢᠯᠲᠠᠨ ᠤ ᠪᠠᠶᠢᠷᠢ ᠪᠣᠯᠤᠨ ᠬᠤᠭᠤᠯᠠᠨ ᠬᠡᠷ ᠢᠶᠠᠨ ᠲᠣᠭᠤᠷᠢᠨ  ᠦᠵᠡᠬᠦᠯᠵᠦ᠂ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠬᠡᠷᠡᠭᠯᠡᠬᠦ ᠠᠵᠢᠯ ᠤᠨ ᠪᠠᠶᠢᠷᠢ᠂  ᠤᠯᠭᠤᠬᠤ ᠠᠰᠠᠷᠠᠮᠵᠢ ᠬᠠᠷᠠᠭᠠᠯᠵᠠᠯ ᠤᠨ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃    ᠥᠪᠥᠷ ᠮᠣᠩᠭᠤᠯ ᠤᠨ ᠵᠢᠩ ᠴᠧᠩ ᠴᠠᠬᠢᠯᠭᠠᠨ ᠲᠡᠭᠡᠰᠦᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠯᠢ ᠶᠧ ᠫᠢᠩ᠄ ︽ᠮᠠᠨ ᠤ ᠺᠤᠮᠫᠠᠨᠢ ᠶᠢᠨ ᠬᠢᠨ 2025 ᠣᠨ ᠳᠤ ᠠᠵᠢᠯ ᠡᠬᠢᠯᠡᠭᠰᠡᠨ ᠤ ᠳᠠᠷᠠᠭ᠎ᠠ ᠪᠠᠷᠤᠭ 20 - 30 ᠠᠵᠢᠯᠴᠢᠨ  ᠡᠯᠰᠡᠨ᠎ᠡ᠂ 6 ᠰᠠᠷ᠎ᠠ ᠶᠢᠨ ᠦᠶ᠎ᠡ ᠳᠤ ᠨᠦᠬᠦᠭᠡ ᠦᠢᠯᠡᠳᠪᠦᠷᠢᠯᠡᠯ ᠤᠨ ᠲᠠᠰᠤᠭ ᠤᠨ ᠪᠠᠷᠢᠯᠭ᠎ᠠ ᠲᠠᠭᠤᠰᠪᠠᠯ 30 - 40 ᠠᠵᠢᠯᠴᠢᠨ ᠡᠯᠰᠡᠬᠦ ᠪᠦᠭᠡᠳ ᠠᠯᠪᠠᠨ ᠬᠡᠷ ᠲᠤ ᠪᠠᠰᠠ ᠬᠤᠷᠢᠭᠠᠳ ᠬᠥᠮᠦᠨ ᠬᠡᠷᠡᠭᠰᠡᠨ᠎ᠡ︾᠃     ᠵᠢᠩ ᠴᠧᠩ ᠴᠠᠬᠢᠯᠭᠠᠨ ᠲᠡᠭᠡᠰᠦᠨ ᠤ ᠬᠢᠵᠠᠭᠠᠷᠲᠤ ᠺᠣᠮᠫᠠᠨᠢ ᠪᠣᠯ ᠰᠢᠨ᠎ᠡ ᠡᠨᠧᠷᠭᠢ ᠶᠢᠨ ᠥᠨᠳᠥᠷ ᠬᠦᠴᠦᠳᠡᠯᠲᠦ ᠴᠠᠬᠢᠯᠭᠠᠨ ᠳᠡᠭᠡᠰᠦ ᠦᠢᠯᠡᠳᠪᠦᠷᠢᠯᠡᠬᠦ ᠪᠠᠷ ᠭᠤᠣᠯ ᠪᠣᠯᠭᠠᠭᠰᠠᠨ ᠠᠵᠤ ᠠᠬᠤᠶᠢᠯᠠᠯ ᠪᠠᠶᠢᠵᠤ᠂ 2023 ᠣᠨ ᠤ 6 ᠰᠠᠷ᠎ᠠ ᠳᠤ ᠲᠠᠶᠢᠹᠤᠰᠧ ᠬᠤᠰᠢᠭᠤᠨ ᠳᠤ ᠨᠤᠳᠤᠭᠰᠢᠵᠤ᠂ 3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠲᠠᠩᠰᠠᠯᠠᠭᠤᠯᠵᠠᠢ᠃ 2023 ᠣᠨ ᠤ 12 ᠰᠠᠷ᠎ᠠ ᠳᠤ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠪᠠᠨ  ᠲᠠᠭᠤᠰᠬᠠᠭᠰᠠᠨ ᠤ ᠬᠠᠮᠲᠤ ᠲᠤᠷᠰᠢᠨ ᠦᠢᠯᠡᠳᠪᠦᠷᠢᠯᠡᠵᠦ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ 4 ᠵᠤᠷᠪᠤᠰ 1 - 3kV ᠴᠠᠬᠢᠯᠭᠠᠨ ᠲᠡᠭᠡᠰᠦᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠭᠠᠳ᠂ 2023 ᠣᠨ ᠤ 12 ᠰᠠᠷ᠎ᠠ ᠶᠢᠨ ᠰᠡᠭᠦᠯᠴᠢ ᠪᠠᠷ 4000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠬᠦᠯᠦᠭᠰᠡᠨ ᠪᠠᠶᠢᠨ᠎ᠠ᠃    ᠠᠵᠢᠯᠴᠢᠨ ᠬᠤ᠋ ᠵᠢᠶᠦ᠋ᠨ᠄ ︽ᠪᠢ ᠬᠤᠰᠢᠭᠤᠨ ᠤ ᠠᠵᠢᠯᠴᠢᠨ ᠡᠯᠰᠡᠬᠦ ᠮᠡᠳᠡᠭᠡ ᠵᠠᠩᠭᠢ ᠪᠠᠷ ᠲᠠᠮᠵᠢᠭᠠᠳ ᠠᠳᠡ ᠢᠷᠡᠵᠦ ᠠᠵᠢᠯᠯᠠᠭᠰᠠᠨ᠂  ᠡᠳᠡᠨ ᠤ ᠴᠠᠯᠢᠩ ᠬᠥᠯᠥᠰᠥ᠂ ᠠᠰᠠᠷᠠᠮᠵᠢ ᠬᠠᠷᠠᠭᠠᠯᠵᠠᠯ ᠨᠢ ᠪᠦᠷ ᠨᠡᠯᠢᠶᠡᠳ ᠰᠠᠶᠢᠨ᠂ ᠨᠡᠶᠢᠭᠡᠮ ᠤᠨ ᠲᠠᠭᠠᠳᠬᠠᠯ ᠤᠨ ᠮᠦᠩᠬᠦ ᠶᠢ ᠪᠠᠰᠠ ᠤᠷᠤᠯᠠᠨ ᠲᠤᠰᠢᠶᠠᠵᠤ ᠪᠠᠶᠢᠨ᠎ᠠ᠂ ᠴᠠᠯᠢᠩ ᠬᠥᠯᠥᠰᠥ ᠶᠢ ᠴᠠᠭ ᠲᠤᠬᠠᠶ ᠳᠤᠨᠢ ᠤᠯᠭᠤᠳᠠᠭ᠂ ᠠᠵᠢᠯ ᠴᠤ ᠮᠠᠰᠢ ᠲᠤᠭᠳᠠᠪᠤᠷᠢᠳᠠᠢ  ︾᠃   ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠦᠢᠯᠡᠳᠦᠯ ᠴᠢᠳᠠᠮᠵᠢ ᠪᠠᠨ ᠦᠷᠭᠦᠯᠵᠢᠯᠡᠨ ᠪᠠᠳᠠᠷᠠᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ  ᠠᠵᠢᠯ ᠢ ᠬᠦᠨᠵᠡᠬᠡᠢ ᠦᠷᠨᠢᠬᠦᠯᠦᠨ᠂  ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠪᠠ ᠠᠵᠢᠯ ᠤᠨ ᠪᠠᠶᠢᠷᠢ ᠶᠢᠨ ᠬᠡᠷᠡᠭᠴᠡᠭᠡ ᠲᠠᠢ ᠤᠶᠠᠯᠳᠤᠭᠤᠯᠤᠨ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号