ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/8
 1 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠰᠢᠭᠤ  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 122 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠨ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠤᠤ ᠴᠧᠩ᠂ ᠸᠠᠩ ᠯᠢ ᠰᠢᠶᠠ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ︽ᠲᠠᠶᠢᠹᠤᠰᠧ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡᠨ ᠤ ᠲᠥᠰᠥᠯ ᠤᠨ ᠮᠡᠳᠡᠬᠦᠯᠦᠯᠳᠡ︾ ︽2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠥᠪ ︵ᠲᠥᠰᠦᠯ︶ ᠤᠨ ᠮᠡᠳᠡᠬᠦᠯᠦᠯᠳᠡ ︾ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠤᠷᠠᠭ︶︾  ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ︽2025 ᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠠᠷᠢᠶ᠎ᠠ ︵ᠰᠠᠨᠠᠯ ᠬᠤᠷᠢᠶᠠᠬᠤ ᠨᠣᠤᠷᠠᠭ︶︾  ︽2024 ᠣᠨ ᠤ ᠬᠤᠰᠢᠭᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠦᠰᠦᠪ︾ ᠢ ᠲᠤᠭᠤᠷᠪᠢᠭᠰᠠᠨ ᠪᠠᠶᠢᠳᠠᠯ ᠤᠨ ᠲᠣᠳᠣᠷᠬᠠᠶᠢᠯᠠᠯᠲᠠ ᠵᠢᠴᠢ ᠲᠠᠶᠢᠹᠤᠰᠧ ᠬᠤᠰᠢᠭᠤᠨ ᠤ ︽ᠬᠤᠶᠠᠷ ᠬᠤᠷᠠᠯ︾ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠡ ᠶᠢ ᠰᠤᠨᠤᠰᠴᠤ᠂ 2024 ᠣᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ  ᠰᠤᠷᠤᠯᠴᠠᠯᠭ᠎ᠠ ᠪᠠ ᠶᠠᠷᠢᠯᠴᠠᠯᠭ᠎ᠠ ᠶᠢ ᠦᠷᠨᠢᠬᠦᠯᠦᠭᠰᠡᠨ ᠪᠠᠶᠢᠨ᠎ᠠ᠃ ᠬᠤᠷᠠᠯ ᠲᠡᠭᠡᠷ᠎ᠡ ᠪᠠᠰᠠ ᠪᠤᠰᠤᠳ ᠵᠦᠢᠯᠡᠰ ᠢ ᠰᠤᠳᠤᠯᠤᠨ ᠵᠦᠪᠯᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号