ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/8
  1 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠵᠠᠰᠠᠭ ᠵᠠᠬᠢᠷᠭᠠᠨ ᠤ ᠲᠥᠪ ᠲᠤ ᠬᠤᠷᠠᠯᠳᠤᠵᠤ᠂ 2024 ᠣᠨ ᠤ ᠠᠵᠢᠯ ᠢᠶᠠᠨ ᠵᠠᠳᠠᠯᠤᠨ ᠳ᠋ᠦᠩᠨᠡᠵᠦ᠂ 2025 ᠣᠨ ᠤ  ᠭᠤᠣᠯᠳᠠᠯᠭ᠎ᠠ ᠲᠠᠢ ᠠᠵᠢᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠯᠢ ᠳ᠋ᠦᠩ ᠯᠢᠨ ᠬᠤᠷᠠᠯ ᠢ ᠡᠷᠬᠢᠯᠡᠵᠦ  ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ 2024 ᠣᠨ ᠳᠤ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠲᠤᠤᠱᠯᠠᠭᠤᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ︽ᠰᠢᠨ᠎ᠡ ᠵᠠᠮ ᠨᠡᠭᠡᠭᠡᠵᠦ᠂ ᠲᠤᠮᠳᠠ ᠤᠷᠤᠰᠬᠠᠯ ᠳᠤ ᠤᠷᠤᠬᠤ︾ ᠲᠡᠮᠡᠴᠡᠯ ᠤᠨ ᠬᠠᠷᠠᠯᠲᠠ ᠶᠢ ᠵᠤᠷᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠰᠠᠶᠢᠨ ᠬᠢᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠣᠭᠲᠠᠭᠤᠨ ᠢᠶᠠᠷ ᠬᠦᠭᠵᠢᠬᠦᠯᠦᠨ᠂  ᠠᠷᠠᠳ ᠤᠨ ᠠᠮᠢᠳᠤᠷᠠᠯ   ᠢ ᠦᠷᠭᠦᠯᠵᠢᠯᠡᠨ ᠰᠠᠶᠢᠵᠢᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠵᠣᠬᠢᠴᠠᠩᠭᠤᠢ ᠲᠣᠭᠲᠠᠭᠤᠨ ᠬᠦᠭᠵᠢᠯᠳᠡ ᠶᠢ ᠪᠠᠳᠤᠯᠠᠪᠠ ᠭᠡᠵᠦ ᠵᠢᠭᠠᠨ ᠭᠠᠷᠭᠠᠭᠰᠠᠨ ᠪᠠᠶᠢᠨ᠎ᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ  ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ   ᠶᠢ ᠲᠤᠭᠳᠠᠭᠠᠨ ᠪᠠᠶᠢᠷᠢᠯᠠᠭᠤᠯᠬᠤ ᠴᠢᠬᠤᠯᠠ ᠵᠢᠯ ᠪᠣᠯᠤᠨ᠎ᠠ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠭᠤᠣᠯ ᠰᠢᠵᠢᠮ ᠢ ᠡᠯ᠎ᠡ ᠲᠦᠷᠦᠯ ᠤᠨ ᠠᠵᠢᠯ ᠤᠨ ᠪᠦᠬᠦ ᠶᠠᠪᠤᠴᠠ ᠳᠤ  ᠲᠤᠤᠱᠯᠠᠭᠤᠯᠵᠤ  ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠬᠦᠯᠦᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠦᠨ᠂ ︽ᠲᠠᠪᠤᠨ ᠶᠡᠭᠡ ᠡᠭᠦᠷᠭᠡ︾   ᠶᠢ ᠬᠦᠨᠵᠡᠬᠡᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ  ᠰᠠᠶᠢᠲᠤᠷ ᠠᠳᠬᠤᠨ᠂ ︽ᠵᠢᠷᠭᠤᠭᠠᠨ ᠠᠵᠢᠯᠯᠠᠭ᠎ᠠ︾  ᠶᠢ ᠨᠠᠷᠢᠨ ᠬᠢᠨᠠᠮᠠᠭᠠᠢ ᠥᠷᠨᠢᠭᠦᠯᠵᠦ᠂ ︽ᠬᠥᠮᠦᠨ ᠦᠯᠡᠳᠡᠭᠡᠬᠦ᠂ ᠬᠥᠮᠦᠨ  ᠤᠷᠤᠭᠤᠯᠬᠤ᠂  ᠬᠦᠮᠦᠨ ᠭᠡᠷᠡᠭᠯᠡᠬᠦ︾  ᠶᠢᠨ ᠲᠤᠭᠤᠷᠢᠨ ᠳᠤ᠂  ᠨᠢᠬᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠨ᠂ ᠨᠢᠭᠡ ᠪᠦᠯᠦᠭ ᠪᠣᠳᠠᠲᠤ ᠶᠠᠪᠤᠳᠠᠯ ᠢ ᠬᠢᠵᠦ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ  ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠡᠬᠢᠯᠡᠯᠲᠡ ᠶᠢᠨ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠬᠤᠳᠠ  ᠪᠠᠯᠭᠠᠰᠤ ᠶᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ᠂ ᠬᠤᠳᠠ ᠪᠠᠯᠭᠠᠰᠤ ᠶᠢ ᠨᠡᠩ ᠬᠠᠯᠠᠭᠤᠨ ᠳᠤᠯᠠᠭᠠᠨ᠂ ᠨᠡᠩ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ ᠤᠨ ᠥᠷᠢᠰᠥᠯᠳᠦᠬᠦ ᠬᠦᠴᠦᠨ ᠢ ᠤᠯᠠᠮ ᠲᠡᠭᠡᠭᠰᠢᠯᠡᠬᠦᠯᠬᠦ ᠭᠡᠷᠡᠭᠳᠡᠢ᠃ ᠡᠷᠡᠭᠦᠯ ᠮᠡᠨᠳᠦ ᠶᠢᠨ ᠠᠵᠤ ᠦᠢᠯᠡᠰ ᠢ ᠰᠠᠶᠢᠲᠤᠷ ᠠᠳᠬᠤᠵᠤ᠂ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠬᠡᠯᠳᠡ ᠶᠢᠨ ᠳᠠᠶᠢᠯᠠᠯᠳᠤᠭᠠᠨ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠡᠢ᠃ ᠲᠥᠷᠥᠯ ᠵᠦᠢᠯ ᠤᠨ ᠠᠵᠢᠯ ᠢ ᠰᠠᠶᠢᠲᠤᠷ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠭᠡᠷᠡᠭᠳᠡᠢ᠃  ᠠᠷᠠᠯᠵᠢᠶᠠᠴᠢᠨ ᠤᠷᠢᠬᠤ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠶᠡᠬᠡᠪᠡᠷ ᠦᠷᠨᠢᠬᠦᠯᠬᠦ ᠭᠡᠷᠡᠭᠳᠡᠢ᠃ ᠰᠣᠶᠣᠯ ᠵᠢᠭᠤᠯᠴᠢᠯᠠᠯ ᠢ ᠰᠠᠶᠢᠲᠤᠷ ᠠᠳᠬᠤᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ  ᠨᠠᠶᠢᠳᠠᠪᠤᠷᠢᠵᠢᠭᠤᠯᠬᠤ ᠭᠡᠷᠡᠭᠳᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡᠨ ᠤ ᠲᠦᠭᠰᠢᠭᠦᠷᠢ᠂  ᠠᠶᠤᠯᠬᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠠᠷᠭ᠎ᠠ ᠪᠠᠷ ᠠᠰᠠᠭᠤᠳᠠᠯ ᠢ ᠰᠢᠢᠳᠪᠦᠷᠢᠯᠡᠨ᠂ ᠭᠤᠣᠯ ᠵᠥᠷᠢᠴᠡᠯ ᠢ  ᠡᠵᠡᠮᠳᠡᠵᠦ᠂ ᠪᠣᠭᠤᠮᠢ ᠶᠢᠨ ᠬᠢᠵᠠᠭᠠᠷᠯᠠᠯ ᠢ ᠰᠢᠪᠳᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠦᠴᠢᠷᠳᠡᠯ ᠪᠠ ᠥᠷᠢᠰᠥᠯᠳᠦᠭᠡᠨ ᠢ ᠢᠯᠠᠨ ᠲᠠᠪᠠᠭ᠋ᠤ ᠭᠡᠷᠡᠭᠳᠡᠢ᠃  ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ  ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠢ ᠪᠦᠬᠦ ᠬᠦᠴᠦᠨ ᠢᠶᠠᠷ ᠪᠠᠳᠤᠯᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ ᠠᠷᠢᠯᠭᠠᠨ᠂ ᠨᠡᠶᠢᠭᠡᠮ ᠤᠨ ᠡᠶ᠎ᠡ ᠵᠤᠬᠢᠴᠠᠯ ᠪᠠ ᠠᠮᠤᠷ ᠲᠣᠭᠲᠠᠭᠤᠨ ᠢ ᠬᠠᠮᠠᠭᠠᠯᠠᠠᠬᠤ ᠬᠡᠷᠡᠭᠲᠡᠢ᠃᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠵᠣᠷᠢᠭᠲᠠᠢ ᠤᠷᠤᠭᠰᠢᠯᠠᠬᠤ ᠬᠠᠲᠠᠭᠤᠵᠢᠯᠲᠠᠢ ᠠᠵᠢᠯᠯᠠᠬᠤ ᠰᠤᠷᠲᠠᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠰᠢᠯᠢᠳᠡᠭ ᠬᠢᠷᠢ ᠪᠦᠲᠦᠮᠵᠢ ᠪᠠᠷ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠡ᠃  ᠬᠤᠰᠢᠭᠤ ᠨᠠᠮ  ᠤᠨ ᠬᠤᠷᠢᠶᠠᠨ ᠤ ᠭᠡᠰᠢᠬᠦᠳ᠂  ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂  ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠬᠦᠳ  ᠂ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠬᠡᠷ ᠤᠨ  ᠳᠡᠳ᠋ ᠡᠷᠬᠢᠯᠡᠭᠴᠢ ᠨᠠᠷ᠂ ᠬᠤᠰᠢᠭᠤ ᠬᠠᠷᠢᠶ᠎ᠠ᠂ ᠲᠠᠶᠢᠹᠤᠰᠧ ᠳᠤ ᠰᠠᠭᠤᠭ᠎ᠠ ᠡᠯ᠎ᠡ  ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠤ ᠲᠠᠶᠢᠹᠤᠰᠧ ᠬᠤᠰᠢᠭᠤᠨ ᠤ ᠲᠥᠯᠥᠭᠡᠯᠡᠭᠴᠢ᠂ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号