ᠲᠠᠶᠢᠹᠤᠰᠧ ᠬᠤᠰᠢᠭᠤᠨ ᠤ ᠬᠢᠨ ᠠᠷᠠᠳ ᠤᠯᠠᠨ ᠤ ᠤᠶᠤᠨ ᠤᠬᠠᠭᠠᠨ ᠢ ᠲᠦᠪᠯᠡᠷᠡᠬᠦᠯᠵᠦ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠳᠤ ᠦᠢᠯᠡᠴᠢᠯᠡᠬᠦᠯᠦᠨ᠎ᠡ
ᠨᠡᠶᠢᠲᠡᠯᠡᠭᠰᠡᠨ ᠴᠠᠭ᠄
2025/2/10
 ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠬᠢ ᠶᠢᠨ ᠠᠵᠢᠯ ᠪᠣᠯ ᠨᠢᠭᠡ ᠲᠠᠯ᠎ᠠ ᠪᠠᠷ ᠨᠠᠮ ᠵᠠᠰᠠᠭ ᠤᠨ ᠤᠳᠤᠷᠢᠳᠬᠤ ᠪᠠᠶᠢᠭᠤᠯᠭ᠎ᠠ ᠲᠠᠢ ᠬᠤᠯᠪᠤᠭᠳᠠᠵᠤ ᠨᠥᠭᠦᠭᠡ ᠲᠠᠯ᠎ᠠ ᠪᠠᠷ ᠨᠢ ᠨᠡᠶᠢᠭᠡᠮ ᠤᠨ ᠡᠯ᠎ᠡ ᠡᠳᠡᠭᠡᠳ ᠤᠨ ᠣᠯᠠᠨ ᠲᠦᠮᠡᠨ ᠲᠠᠢ  ᠬᠤᠯᠪᠤᠭᠳᠠᠭᠰᠠᠨ᠂ ᠲᠤᠤᠷᠠᠬᠢ ᠎ ᠶᠢᠨ ᠪᠠᠶᠢᠳᠠᠯ ᠢ ᠲᠡᠭᠡᠭᠰᠢ ᠳᠠᠮᠵᠢᠭᠤᠯᠵᠤ᠂  ᠲᠡᠭᠡᠷᠡᠬᠢ ᠶᠢᠨ ᠪᠠᠶᠢᠳᠠᠯ ᠢ ᠲᠤᠷᠤᠭᠰᠢ ᠤᠯᠠᠮᠵᠢᠯᠠᠬᠤ ᠬᠥᠭᠦᠷᠭᠡ ᠬᠤᠯᠪᠤᠭᠠᠰᠤ ᠪᠣᠯᠬᠤ ᠪᠦᠭᠡᠳ ᠤᠯᠤᠰ ᠲᠥᠷᠥ ᠶᠢᠨ ᠵᠥᠪᠯᠡᠯᠭᠡᠨ ᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠯᠪᠡᠷᠢ ᠪᠣᠯᠬᠤ ᠶᠤᠮ᠃ ᠡᠨᠡᠬᠦ ᠠᠵᠢᠯ ᠢ  ᠰᠠᠶᠢᠨ ᠬᠢᠬᠦ ᠶᠢᠨ ᠲᠥᠯᠥᠭᠡ᠂  ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠨᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠷᠭᠡᠨ ᠤᠯᠠᠨ ᠭᠡᠰᠢᠭᠦᠳ ᠤᠨ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠱᠠᠭᠠᠷᠳᠠᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢ ᠭᠦᠨ ᠳᠠᠪᠬᠤᠷᠭ᠎ᠠ  ᠂ ᠣᠯᠠᠨ ᠬᠠᠷᠠᠭᠠᠰᠤ ᠠᠴᠠ ᠮᠡᠳᠡᠭᠦᠯᠦᠨ ᠬᠦᠷᠭᠡᠵᠡᠢ᠃ 2024 ᠣᠨ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠬᠢ ᠶᠢ ᠨᠡᠶᠢᠲᠡ 123 ᠵᠤᠷᠪᠤᠰ ᠴᠤᠭᠯᠠᠭᠤᠯᠵᠤ᠂ ᠬᠤᠰᠢᠭᠤᠨ ᠤ ᠨᠠᠮ ᠵᠠᠰᠠᠭ ᠤᠨ ᠮᠡᠳᠡᠭᠡ ᠵᠠᠩᠭᠢ ᠎ ᠶᠢᠨ ᠱᠠᠭᠠᠷᠳᠠᠨ ᠪᠠᠶᠢᠴᠠᠭᠠᠬᠤ ᠲᠠᠰᠤᠭ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠮᠡᠳᠡᠭᠡ ᠵᠠᠩᠭᠢ ᠶᠢᠨ ᠰᠠᠯᠠᠭ᠎ᠠ  ᠎ ᠳᠤ 100 ᠵᠤᠷᠪᠤᠰ ᠢ ᠡᠮᠬᠢᠳᠬᠡᠨ ᠮᠡᠳᠡᠬᠦᠯᠦᠭᠡᠳ᠂ ᠲᠤᠭ᠎ᠠ ᠬᠡᠮᠵᠢᠶ᠎ᠡ ᠪᠠ ᠶᠠᠰᠤ ᠴᠢᠨᠠᠷ ᠎ ᠤᠨ ᠵᠡᠷᠭᠡᠪᠡᠷ ᠳᠡᠭᠡᠭᠰᠢᠯᠡᠬᠦ ᠶᠢ ᠪᠡᠶᠡᠯᠡᠭᠦᠯᠪᠡ᠃ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠪᠠᠷ ᠲᠠᠮᠵᠢᠭᠠᠳ᠂ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠡᠯ᠎ᠡ ᠲᠠᠯ᠎ᠠ ᠶᠢᠨ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠬᠡᠷᠡᠭᠴᠡᠭᠡ ᠶᠢ ᠨᠠᠩ ᠪᠥᠬᠦ ᠲᠠᠯ᠎ᠠ ᠪᠠᠷ ᠤᠶᠢᠯᠠᠭᠠᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠤᠨᠤᠰᠬᠤ᠂ ᠠᠷᠠᠳ ᠤᠯᠠᠨ ᠤ ᠣᠶᠤᠨ ᠤᠬᠠᠭᠠᠨ ᠢ ᠲᠦᠪᠯᠡᠷᠡᠬᠦᠯᠬᠦ᠂ ᠠᠷᠠᠳ ᠤᠯᠠᠨ ᠤ ᠰᠠᠨᠠᠭᠠᠰᠢᠷᠠᠯ ᠵᠣᠪᠠᠨᠢᠯ ᠢ ᠠᠷᠢᠯᠭᠠᠬᠤ ᠵᠤᠷᠢᠯᠳᠠ ᠶᠢ ᠪᠡᠶᠡᠯᠡᠬᠦᠯᠦᠭᠡᠳ᠂ ᠣᠳᠣᠬᠢᠴᠢᠯᠠᠭᠰᠠᠨ ᠲᠠᠶᠢᠹᠤᠰᠧ ᠬᠤᠰᠢᠭᠤᠨ ᠤ ᠪᠠᠶᠢᠭᠤᠯᠤᠯᠳᠠ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢ ᠲᠦᠪᠯᠡᠷᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号