2024 ᠤᠨ ᠳᠤ᠂ ᠲᠠᠶᠢᠹᠤᠰᠧ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ | ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠨ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠬᠦᠨᠵᠡᠬᠡᠶᠢᠷᠡᠬᠦᠯᠦᠨ ᠪᠤᠳᠠᠳᠠᠶᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ | ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠪᠠ ᠵᠣᠷᠢᠯᠲᠠ ᠶᠢᠨ ᠤᠬᠠᠮᠰᠠᠷ ᠢ ᠤᠯᠠᠮ ᠴᠢᠩᠭᠠᠳᠬᠠᠭᠰᠠᠨ ᠪᠠᠶᠢᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ︽ᠭᠤᠷᠪᠠᠨ ᠲᠥᠯᠥᠪᠯᠡᠭᠡ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠭᠠᠷᠠᠭ ᠬᠤᠶᠠᠷ ᠰᠠᠷ᠎ᠠ︾ ᠶᠢᠨ | ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 100 ᠭᠠᠷᠤᠶ ᠤᠳᠠᠭ᠎ᠠ ᠦᠷᠨᠢᠬᠦᠯᠦᠭᠰᠡᠨ | ᠪᠦᠭᠡᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ᠨᠠᠢᠮᠠᠨ | ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ | ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ | ᠤᠳᠠᠭᠠᠨ︾ ᠤ ᠠᠰᠠᠭᠤᠳᠠᠯ ᠢ ᠬᠦᠴᠦᠯᠡᠨ ᠠᠷᠢᠯᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ | ᠦᠷᠭᠦᠯᠵᠢᠯᠡᠨ ᠴᠢᠩᠭᠠᠷᠠᠭᠠᠳ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ︽ᠬᠤᠶᠠᠷ | ᠶᠡᠭᠡ ᠶᠠᠪᠤᠳᠠᠯ︾ ᠢ ᠪᠥᠬᠦ ᠬᠦᠴᠦᠨ ᠢᠶᠠᠷ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ | ᠢᠨᠵᠧᠨᠧᠷᠢᠩ︾ ᠢ ᠰᠠᠶᠢᠲᠤᠷ ᠭᠡᠷᠡᠭᠵᠢᠬᠦᠯᠦᠨ᠂ ᠵᠢᠯ ᠤᠨ ᠬᠠᠷᠠᠯᠲᠠ ᠡᠭᠦᠷᠭᠡ ᠪᠠᠨ ᠪᠦᠬᠦᠨ ᠢ ᠪᠡᠶᠡᠯᠡᠬᠦᠯᠵᠡᠢ᠃ ︽ | ᠭᠤᠷᠪᠠᠨ ᠴᠢᠬᠤᠯᠠ ᠨᠢᠭᠡ ᠶᠡᠭᠡ︾ ᠭᠡᠷᠡᠭ ᠢ ᠬᠠᠮᠲᠤ ᠪᠠᠷ ᠲᠣᠭᠲᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠯ ᠤᠨ ᠬᠢᠨᠠᠯᠲᠠ᠂ ᠨᠡᠶᠢᠭᠡᠮ ᠨᠡᠶᠢᠲᠡ ᠶᠢᠨ ᠢᠯᠡ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ | ᠠᠷᠠᠳ ᠤᠨ ᠲᠥᠯᠥᠭᠡᠯᠡᠭᠴᠢ ᠶᠢᠨ ᠪᠢᠯᠧᠲ ᠪᠠᠷ ᠲᠣᠭᠲᠠᠭᠠᠭᠰᠠᠨ 5 ᠬᠤᠪᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 233 ᠬᠤᠪᠢ ᠠᠷᠠᠳ ᠤᠨ ᠲᠥᠯᠥᠭᠡᠯᠡᠭᠴᠢ ᠶᠢᠨ ᠰᠠᠨᠠᠯ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ | ᠲᠣᠭᠲᠠᠭᠰᠠᠨ ᠬᠤᠭᠤᠴᠠᠭᠠᠨ ᠳᠤ ᠬᠦᠢᠴᠡᠳᠭᠡᠪᠡ᠃ ᠲᠤᠰ ᠵᠢᠯ ᠳᠤ᠂ ︽12345︾ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠤᠲᠠᠰᠤ ᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 6015 ᠬᠤᠪᠢ | ᠭᠥᠯᠢᠶᠡᠨ ᠠᠪᠴᠤ ᠂ ᠰᠢᠢᠳᠪᠦᠷᠢᠯᠡᠭᠰᠡᠨ ᠨᠣᠷᠮ᠎ᠠ 99.58 % ᠳᠤ ᠬᠦᠷᠦᠭᠡᠳ᠂ ᠤᠴᠢᠷ ᠪᠣᠯᠭᠠᠨ ᠳᠤ | ᠬᠠᠷᠢᠭᠤᠯᠲᠠ ᠲᠠᠢ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠳᠤᠯᠠᠵᠠᠢ᠃ ᠲᠠᠪᠤᠳᠤᠭᠠᠷ | ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠠᠮᠵᠢᠯᠲᠠ ᠲᠠᠢ | ᠪᠡᠶᠡᠯᠡᠬᠦᠯᠦᠭᠰᠡᠨ ᠪᠠᠶᠢᠨ᠎ᠠ᠃ |