2025 ᠤᠨ ᠳᠤ᠂ ᠲᠠᠶᠢᠹᠤᠰᠧ ᠬᠤᠰᠢᠭᠤᠨ ᠤ ᠬᠢᠨ ᠲᠠᠯᠠᠪᠠᠢ ᠶᠢ ᠲᠣᠭᠲᠠᠪᠤᠷᠢᠵᠢᠭᠤᠯᠬᠤ᠂ ᠤᠨᠠᠯᠲᠠ ᠶᠢ | ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠵᠤ᠂ ᠲᠠᠷᠢᠶᠠᠨ ᠭᠠᠵᠠᠷ ᠤᠨ ᠬᠠᠮᠠᠭᠠᠯᠠᠯᠳᠠ ᠪᠠ ᠠᠮᠤ ᠪᠤᠳᠠᠭᠠᠨ ᠤ ᠠᠮᠤᠷ | ᠲᠦᠪᠰᠢᠨ ᠳᠤ ᠨᠠᠮ ᠵᠠᠰᠠᠭ ᠤᠨ ᠬᠢᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ 1 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 6 ᠲᠦᠮᠡᠨ ᠮᠦ ᠭᠠᠵᠠᠷ ᠢ | ᠰᠤᠯᠠᠷᠠᠭᠤᠯᠤᠨ ᠲᠡᠭᠰᠢᠯᠡᠵᠦ᠂ 5 ᠲᠦᠮᠡᠨ ᠮᠦ ᠭᠠᠵᠠᠷ ᠢ ᠲᠦᠮᠦᠰᠦᠨ ᠤ ᠤᠨᠠᠯᠳᠠ ᠶᠢ ᠨᠡᠮᠡᠭᠳᠡᠬᠦᠯᠬᠦ ᠵᠢᠱᠢᠶ᠎ᠡ | ᠦᠵᠡᠭᠦᠯᠬᠦ ᠣᠷᠣᠨ ᠪᠤᠯᠭᠠᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ 90 ᠲᠦᠮᠡᠨ ᠮᠦ ᠠᠴᠠ ᠳᠡᠭᠡᠭᠰᠢ ᠳᠤ | ᠲᠣᠭᠲᠠᠪᠤᠷᠢᠵᠢᠭᠤᠯᠤᠨ᠂ ᠤᠨᠠᠯᠲᠠ ᠶᠢ 5.3 ᠳ᠋ᠦᠩᠰᠢᠭᠤᠷ ᠵᠢᠩ ᠳᠤ ᠬᠦᠷᠭᠡᠬᠦ ᠪᠠᠷ ᠲᠦᠯᠦᠪᠯᠡᠵᠡᠢ᠃ | ᠲᠦᠬᠦᠭᠡᠷᠦᠮᠵᠢᠳᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ︽ ᠲᠠᠭᠠᠭᠤᠯᠤᠭᠴᠢ ᠠᠵᠤ ᠠᠬᠤᠶᠢᠯᠠᠯ + ᠲᠤᠰᠬᠠᠢ | ᠬᠤᠷᠰᠢᠶ᠎ᠠ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠲᠠᠮᠵᠢᠨ᠂ 2000 ᠮᠥ ᠠᠴᠠ ᠳᠡᠭᠡᠭᠰᠢ ᠲᠦᠬᠦᠭᠡᠷᠦᠮᠵᠢᠳᠦ | ᠲᠠᠷᠢᠶᠠᠯᠠᠩ ᠤᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠦ᠂ ᠲᠦᠬᠦᠭᠡᠷᠦᠮᠵᠢᠳᠦ | ᠲᠠᠷᠢᠶᠠᠯᠠᠩ ᠤᠨ ᠪᠠᠷᠢᠮᠵᠢᠶᠠᠵᠢᠭᠰᠠᠨ᠂ ᠭᠡᠪᠴᠢᠶᠡᠵᠢᠭᠰᠡᠨ᠂ ᠵᠠᠬ᠎ᠠ ᠲᠡᠯᠬᠡᠬᠦᠷᠵᠢᠭᠰᠡᠨ ᠬᠦᠭᠵᠢᠯᠳᠡ ᠶᠢ ᠠᠯᠬᠤᠮ | ᠠᠯᠬᠤᠮ ᠢᠶᠠᠷ ᠠᠬᠢᠭᠤᠯᠬᠤ ᠪᠤᠯᠤᠨ᠎ᠠ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠮᠦᠰᠦᠨ ᠤ ᠠᠵᠤ ᠦᠢᠯᠡᠰ ᠤᠨ | ᠰᠦᠷᠦᠭᠵᠢᠯ ᠤᠨ ᠬᠠᠮᠢᠶ᠎ᠠ ᠪᠥᠬᠦᠶ ᠲᠥᠷᠥᠯ ᠵᠦᠢᠯ ᠤᠨ ᠪᠠᠶᠢᠭᠤᠯᠤᠯᠲᠠ ᠶᠢᠨ ᠵᠢᠯ ᠤᠨ ᠡᠭᠦᠷᠭᠡ ᠶᠢ ᠴᠢᠨᠠᠷ ᠰᠠᠶᠢᠲᠠᠶ | ᠪᠡᠶᠡᠯᠡᠬᠦᠯᠬᠦ ᠶᠢᠨ ᠬᠠᠮᠳᠤ᠂ ᠭᠡᠪᠴᠢᠶᠡᠵᠢᠭᠰᠡᠨ ᠬᠠᠰᠢᠶᠠᠯᠠᠨ ᠮᠠᠯᠵᠢᠬᠤ ᠦᠢᠯᠡᠰ ᠢ ᠶᠡᠬᠡᠪᠡᠷ ᠬᠥᠭᠵᠢᠭᠦᠯᠵᠦ᠂ ᠮᠢᠬᠠᠨ | ᠤ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠂ ᠮᠢᠬᠠᠨ ᠤ ᠦᠬᠡᠷ ᠤᠨ ᠲᠤᠭ᠎ᠠ | ᠲᠤᠯᠤᠭᠠᠢ ᠶᠢ 15 ᠲᠦᠮᠡ ᠠᠴᠠ ᠳᠡᠭᠡᠭᠰᠢ ᠳᠤ ᠲᠤᠭᠳᠠᠪᠤᠷᠢᠵᠢᠭᠤᠯᠬᠤ ᠪᠠᠷ ᠪᠠᠶᠢᠨ᠎ᠠ᠃ ᠲᠠᠷᠢᠬᠤ ᠪᠠᠷ ᠲᠡᠵᠢᠭᠡᠬᠦ ᠶᠢ | ᠠᠬᠢᠭᠤᠯᠬᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ ᠵᠠᠮ ᠢᠶᠠᠷ ᠵᠠᠮᠨᠠᠨ᠂ ᠴᠢᠨᠠᠷ ᠰᠠᠶᠢᠲᠠᠶ ᠲᠡᠵᠢᠭᠡᠯ ᠡᠪᠡᠰᠦ | 32 ᠲᠦᠮᠡᠨ ᠮᠦ ᠲᠠᠷᠢᠵᠤ᠂ 1 ᠲᠦᠮᠡᠨ ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠳᠤ ᠫᠧᠩ ᠰᠠᠷᠠᠪᠴᠢ ᠶᠢ | ᠪᠠᠶᠢᠭᠤᠯᠤᠨ᠂ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ ᠠᠰᠢᠭᠯᠠᠯᠲᠠ ᠳᠤ ᠤᠷᠤᠭᠤᠯᠬᠤ ᠶᠢᠨ | ᠬᠠᠮᠳᠤ᠂ ᠣᠯᠠᠨ ᠡᠰᠢᠵᠢᠭᠰᠡᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠶ ᠪᠠᠷ ᠬᠥᠭᠵᠢᠭᠦᠯᠵᠦ᠂ ᠭᠠᠯᠠᠭᠤ | ᠲᠡᠵᠢᠭᠡᠬᠦ ᠲᠤᠷᠰᠢᠯᠳᠠ ᠶᠢ ᠵᠣᠷᠢᠭᠵᠢᠭᠤᠯᠤᠨ ᠲᠡᠮᠵᠢᠬᠦ ᠪᠤᠯᠤᠨ᠎ᠠ᠃ ᠡᠬᠦᠨ ᠤ ᠬᠠᠮᠳᠤ᠂ ︽ᠮᠣᠩᠭᠤᠯ︾ ᠨᠠᠷᠠᠲᠤ | ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠶᠢᠯᠡᠰᠵᠢᠭᠰᠡᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ 1 ᠶᠢ ᠡᠷᠡᠮᠡᠯᠵᠡᠯᠡᠨ ᠮᠡᠳᠡᠭᠦᠯᠵᠦ᠂ ᠮᠠᠯᠴᠢᠨ | ᠲᠠᠷᠢᠶᠠᠴᠢᠨ ᠤ ᠵᠢᠱᠢᠶ᠎ᠡ ᠦᠵᠡᠭᠦᠯᠬᠦ ᠬᠤᠷᠰᠢᠶ᠎ᠠ 10᠂ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ 15 ᠶᠢ ᠬᠢᠨᠠᠨ ᠲᠤᠭᠳᠠᠭᠠᠬᠤ ᠪᠠᠷ ᠪᠠᠶᠢᠭ᠎ᠠ᠃ |