ᠴᠡᠷᠢᠭ ᠡᠯᠰᠡᠬᠦ ᠰᠠᠬᠢᠯᠭ᠎ᠠ ᠲᠦᠷᠢᠮ ᠢ ᠴᠢᠩᠳᠠᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠴᠡᠷᠢᠭ ᠡᠯᠰᠡᠬᠦ ᠠᠵᠢᠯ ᠤᠨ ᠢᠯᠡ ᠲᠣᠳᠣ ᠶᠢᠨ ᠬᠡᠮᠵᠢᠶ᠎ᠡ ᠶᠢ | ᠨᠡᠮᠡᠭᠳᠡᠭᠦᠯᠵᠦ᠂ ᠠᠷᠠᠳ ᠣᠯᠠᠨ ᠤ ᠬᠢᠨᠠᠯᠲᠠ ᠶᠢ ᠬᠦᠯᠢᠶᠡᠨ᠂ ᠪᠥᠬᠦ ᠬᠤᠰᠢᠭᠤᠨ ᠤ ᠴᠡᠷᠢᠭ ᠡᠯᠰᠡᠬᠦ ᠠᠵᠢᠯ ᠤᠨ ᠢᠯᠡ | ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ | ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠳᠤ ᠬᠢᠨᠠᠯᠲᠠ ᠲᠠᠯᠪᠢᠭᠴᠢ ᠶᠢᠨ ᠨᠡᠷᠡᠰ ᠪᠠ ᠢᠯᠡᠴᠢᠯᠡᠨ ᠮᠡᠳᠡᠭᠦᠯᠬᠦ | ᠤᠲᠠᠰᠤ ᠶᠢ ᠨᠡᠶᠢᠳᠡᠯᠡᠪᠡ ᠃ | ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠤᠨ ᠬᠢᠨᠠᠯᠲᠠ ᠲᠠᠯᠪᠢᠭᠴᠢ ᠨᠢ ᠭᠤᠤᠯᠳᠠᠭᠤ ᠣᠯᠠᠨ ᠲᠦᠮᠡᠨ ᠤ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠭᠦᠢᠴᠡᠳᠬᠡᠵᠦ᠂ ᠡᠯ᠎ᠡ ᠱᠠᠲᠤᠨ ᠤ ᠴᠡᠷᠢᠭ ᠤᠨ ᠠᠯᠪᠠᠨ ᠤ ᠪᠠᠶᠢᠭᠤᠯᠭ᠎ᠠ | ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠠᠵᠢᠯ ᠢᠶᠠᠨ ᠥᠷᠨᠢᠭᠦᠯᠵᠦ᠂ ᠪᠥᠬᠦ ᠬᠤᠰᠢᠭᠤᠨ ᠤ ᠴᠡᠷᠢᠭ ᠡᠯᠰᠡᠬᠦ ᠰᠠᠯᠠᠭ᠎ᠠ ᠮᠥᠴᠢᠷ ᠪᠠ ᠴᠡᠷᠢᠭ | ᠡᠯᠰᠡᠬᠦ ᠠᠵᠢᠯᠲᠠᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠳᠤ ᠬᠢᠨᠠᠯᠲᠠ ᠲᠠᠯᠪᠢᠨ᠎ᠠ᠃ ᠭᠤᠤᠯᠳᠠᠭᠤ᠄ ᠴᠡᠷᠢᠭ ᠡᠯᠰᠡᠬᠦ ᠤᠷᠤᠨ ᠲᠤᠭ᠎ᠠ ᠶᠢ ᠳᠤᠷ᠎ᠠ ᠪᠠᠷ ᠢᠶᠠᠨ | ᠭᠡᠷᠡᠭᠯᠡᠭᠰᠡᠨ ᠡᠰᠡᠬᠦ︔ ᠡᠯᠰᠡᠬᠦ ᠨᠢᠭᠤᠷᠯᠠᠯ ᠢ ᠲᠦᠷᠢᠮ ᠲᠤᠭᠳᠠᠭᠠᠯ ᠤᠨ ᠱᠠᠭᠠᠷᠳᠠᠯᠭ᠎ᠠ ᠶᠤᠰᠤᠭᠠᠷ ᠲᠤᠭᠳᠠᠭᠠᠭᠰᠠᠨ | ᠡᠰᠡᠬᠦ︔ ᠨᠡᠷ᠎ᠡ ᠮᠡᠳᠡᠬᠦᠯᠦᠭᠰᠡᠨ ᠵᠠᠯᠠᠭᠤᠴᠤᠳ ᠪᠠ ᠲᠡᠳᠡᠨ ᠤ ᠭᠡᠷ ᠪᠦᠯᠢ ᠶᠢᠨ ᠬᠢᠨ ᠢ ᠵᠣᠷᠢᠭᠤᠳᠠ ᠭᠠᠴᠢᠵᠤ᠂ | ᠲᠦᠷᠢᠮ ᠲᠤᠭᠳᠠᠭᠠᠯ ᠵᠦᠷᠢᠴᠡᠵᠦ ᠰᠦᠢᠳᠬᠡᠯ ᠬᠤᠷᠢᠶᠠᠭᠰᠠᠨ ᠡᠰᠡᠬᠦ᠂ ᠪᠡᠶ᠎ᠡ ᠶᠢᠨ ᠪᠠᠶᠢᠴᠠᠭᠠᠯᠲᠠ ᠶᠢᠨ | ᠪᠠᠷᠢᠮᠵᠢᠶ᠎ᠠ ᠶᠢ ᠲᠤᠷ᠎ᠠ ᠪᠠᠷ ᠢᠶᠠᠨ ᠰᠤᠯᠠᠷᠠᠭᠤᠯᠵᠤ ᠲᠤᠷᠤᠭᠰᠢᠯᠠᠭᠤᠯᠤᠭᠰᠠᠨ ᠡᠰᠡᠬᠦ᠂ ᠬᠠᠮᠢᠶ᠎ᠠ ᠪᠦᠬᠦᠢ ᠰᠢᠯᠭᠠᠨ | ᠪᠠᠶᠢᠴᠠᠭᠠᠯᠳᠠ ᠶᠢ ᠲᠤᠭᠳᠠᠭᠠᠯ ᠶᠤᠰᠤᠭᠠᠷ ᠬᠢᠭᠰᠡᠨ ᠡᠰᠡᠬᠦ︔ ᠬᠠᠮᠢᠶ᠎ᠠ ᠪᠦᠬᠦᠢ ᠵᠦᠢᠯᠡᠰ ᠢ ᠲᠣᠭᠲᠠᠭᠠᠯ ᠶᠣᠰᠣᠭᠠᠷ | ᠢᠯᠡ ᠨᠡᠶᠢᠲᠡᠯᠡᠭᠰᠡᠨ ᠡᠰᠡᠬᠦ᠂ ᠵᠠᠯᠠᠭᠤᠴᠤᠳ ᠪᠠ ᠬᠡᠷ ᠤᠨ ᠠᠬᠠᠮᠠᠳ ᠤᠨ ᠬᠤᠭᠤᠯᠠ ᠪᠤᠳᠠᠭ᠎ᠠ ᠶᠢ ᠢᠳᠡᠵᠦ᠂ | ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠤᠭᠰᠠᠨ ᠡᠰᠡᠬᠦ ᠵᠡᠷᠭᠡ ᠪᠠᠭᠲᠠᠨ᠎ᠠ᠃ | ᠬᠤᠯᠪᠣᠭᠳᠠᠯ ᠪᠦᠬᠦᠢ ᠰᠦᠪᠡᠭᠴᠢ ᠶᠢ ᠣᠯᠵᠤ ᠮᠡᠳᠡᠪᠡᠯ᠂ ᠢᠯᠡᠴᠢᠯᠡᠨ ᠮᠡᠳᠡᠭᠦᠯᠬᠦ ᠤᠲᠠᠰᠤ ᠪᠠᠷ ᠬᠤᠯᠪᠤᠭᠳᠠᠬᠤ | ᠪᠤᠶᠤ ᠠᠷᠢᠭᠤᠨ ᠴᠢᠬᠡᠴᠢ ᠪᠠᠷ ᠴᠡᠷᠢᠭ ᠡᠯᠰᠡᠬᠦ ᠠᠵᠢᠯ ᠤᠨ ᠬᠢᠨᠠᠯᠲᠠ ᠲᠠᠯᠪᠢᠭᠴᠢ ᠳᠤ ᠲᠤᠰᠬᠠᠵᠤ ᠪᠣᠯᠤᠨ᠎ᠠ᠃ | ᠢᠯᠡᠴᠢᠯᠡᠨ ᠮᠡᠳᠡᠭᠦᠯᠬᠦ ᠤᠳᠠᠰᠤ᠄ | ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ 0479 - 7357190 | ᠲᠠᠶᠢᠹᠤᠰᠧ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠵᠠᠬᠢᠳᠠᠯ | ᠰᠤᠷᠪᠤᠯᠵᠢᠯᠠᠭ᠎ᠠ ᠶᠢᠨ ᠲᠠᠰᠤᠭ 0479-5238133 | ᠬᠢᠨᠠᠯᠲᠠ ᠲᠠᠯᠪᠢᠭᠴᠢ ᠶᠢᠨ ᠨᠡᠷᠡᠰ᠄ | ᠫᠸᠢ ᠸᠧᠶ ᠬᠤᠸᠠ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | 13947397905 | ᠸᠧᠶ ᠬᠤᠩ ᠮᠧᠶ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ | 13904794873 | ᠯᠢᠦ ᠵᠢᠶᠦ᠋ᠨ ᠹᠸᠢ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ 15247185200 | ᠯᠢ ᠵᠢᠶᠦ᠋ᠨ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ 13848495623 | ᠭᠤᠤ ᠱᠠᠩ ᡁᠢ ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠠᠵᠢᠯᠲᠠᠨ 13514795551 | ᠼᠤᠤ ᠱᠢ ᠸᠧᠶ ᠲᠠᠶᠢᠹᠤᠰᠧ ᠬᠤᠰᠢᠭᠤᠨ ᠤ ᠴᠡᠷᠢᠭ ᠠᠴᠠ ᠬᠠᠯᠠᠭᠳᠠᠭᠴᠢ 13847920201 |