2024 ᠤᠨ ᠳᠤ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠶᠠᠯ᠎ᠠ ᠪᠠᠨ ᠮᠡᠳᠡᠷᠡᠵᠦ | ᠰᠢᠳᠬᠡᠯ ᠢ ᠬᠦᠯᠢᠶᠡᠪᠡᠯ ᠠᠭᠤᠴᠢᠯᠠᠨ ᠰᠢᠳᠬᠡᠬᠦ ᠳᠦᠷᠢᠮ ᠢ ᠪᠦᠬᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ | ᠲᠦᠷᠢᠮ ᠢ ᠬᠡᠷᠡᠭᠯᠡᠬᠦ ᠨᠣᠷᠮ᠎ᠠ 91.82% ᠳᠤ ᠬᠦᠷᠪᠡ᠃ ᠪᠢᠷᠮᠠ ᠶᠢᠨ ᠬᠤᠯᠪᠤᠭ᠎ᠠ ᠰᠦᠯᠵᠢᠶᠡᠨ ᠤ ᠮᠡᠭᠡᠯᠡᠯ ᠳᠤ | ᠡᠰᠡᠷᠬᠦᠴᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠣᠷᠣᠯᠴᠠᠵᠤ᠂ ᠪᠤᠳᠠᠳᠤ ᠭᠡᠷᠡᠭ ᠤᠨ ᠪᠣᠭᠤᠮᠲᠠ᠂ | ᠭᠡᠷᠡᠴᠢ ᠪᠠᠷᠢᠮᠲᠠ ᠶᠢᠨ ᠪᠣᠭᠤᠮᠲᠠ᠂ ᠬᠠᠤᠯᠢ ᠬᠡᠷᠡᠭᠯᠡᠯᠲᠡ ᠶᠢᠨ ᠪᠣᠭᠤᠮᠲᠠ᠂ ᠠᠯᠬᠤᠮ ᠶᠠᠪᠤᠴᠠ ᠶᠢᠨ ᠪᠣᠭᠤᠮᠲᠠ ᠶᠢ | ᠴᠢᠩᠭ᠎ᠠ ᠰᠠᠬᠢᠨ᠂ ᠪᠦᠬᠦ ᠬᠡᠯᠬᠢᠶᠡᠨ ᠤ ᠴᠣᠬᠢᠯᠲᠠ ᠥᠭᠬᠦ ᠶᠢ ᠪᠡᠶᠡᠯᠡᠭᠦᠯᠵᠦ᠂ ᠨᠡᠶᠢᠳᠡ 9 ᠭᠡᠷᠡᠭ ᠢ ᠰᠢᠢᠳᠪᠦᠷᠢᠯᠡᠨ | 9 ᠬᠥᠮᠦᠨ ᠢ ᠪᠠᠷᠢᠪᠴᠢᠯᠠᠬᠤ ᠶᠢ ᠵᠦᠪᠰᠢᠶᠡᠷᠡᠵᠦ᠂ 2 ᠬᠦᠮᠦᠨ ᠳᠤ ᠶᠠᠯ᠎ᠠ ᠨᠡᠮᠡᠵᠦ᠂ 9 ᠬᠡᠷᠡᠭ ᠲᠤ ᠪᠦᠷ | ᠲᠠᠰᠤᠯᠤᠯᠳᠠ ᠬᠢᠭᠰᠡᠨ ᠪᠠᠶᠢᠨ᠎ᠠ᠃ ᠬᠠᠮᠲᠤ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠬᠡᠷᠡᠭ ᠰᠢᠢᠳᠪᠦᠷᠢᠯᠡᠬᠦ | ᠳᠤᠭᠤᠶᠢᠯᠠᠩ ᠢᠶᠠᠷ ᠨᠢᠭᠡᠴᠢ ᠪᠣᠯᠭᠠᠨ᠂ ᠲᠤᠷᠰᠢᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠬᠡᠪᠴᠢᠶ᠎ᠡ ᠶᠢ ᠤᠯᠠᠮ | ᠦᠷᠭᠡᠳᠭᠡᠪᠡ᠃ ᠲᠤᠷᠰᠢᠨ ᠪᠠᠶᠢᠴᠠᠭᠠᠬᠤ ᠠᠵᠢᠯᠯᠠᠭ᠎ᠠ ᠳᠤ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ ᠪᠠ | ᠬᠠᠤᠯᠢ ᠠᠴᠠ ᠵᠥᠷᠢᠴᠡᠭᠰᠡᠨ ᠢ ᠵᠠᠯᠠᠷᠠᠭᠤᠯᠬᠤ ᠰᠠᠨᠠᠯ ᠤᠨ ᠪᠢᠴᠢᠭ 47 ᠬᠤᠪᠢ ᠶᠢ ᠲᠠᠷᠬᠠᠭᠠᠵᠤ᠂ ᠲᠤᠷᠰᠢᠨ | ᠪᠠᠶᠢᠴᠠᠭᠠᠬᠤ ᠠᠵᠢᠯᠯᠠᠭ᠎ᠠ ᠳᠤ ᠬᠢᠨᠠᠯᠲᠠ ᠲᠠᠯᠪᠢᠭᠰᠠᠨ ᠨᠣᠷᠮ᠎ᠠ 51.65% ᠳᠤ ᠬᠦᠷᠴᠦ᠂ ᠬᠠᠤᠯᠢ ᠠᠴᠠ | ᠵᠦᠷᠢᠴᠡᠬᠦ ᠳᠤ ᠪᠢᠴᠢᠭ ᠤᠨ ᠬᠡᠯᠪᠡᠷᠢ ᠪᠠᠷ ᠬᠢᠨᠠᠯᠲᠠ ᠲᠠᠯᠪᠢᠭᠰᠠᠨ ᠨᠣᠷᠮ᠎ᠠ 100% ᠳᠤ ᠬᠦᠷᠴᠡᠢ᠃ ᠲᠤᠭ᠎ᠠ | ᠬᠡᠮᠵᠢᠶ᠎ᠡ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠢᠨᠠᠯᠲᠠ ᠲᠠᠯᠪᠢᠬᠤ ᠶᠠᠰᠤ ᠴᠢᠨᠠᠷ ᠢ ᠴᠢᠩᠭᠠᠳᠬᠠᠵᠤ᠂ ᠬᠡᠷᠡᠭ | ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠨᠣᠷᠮ᠎ᠠ7.69 % ᠳᠤ ᠬᠦᠷᠦᠭᠡᠳ᠂ ᠠᠳᠠᠯᠢ | ᠬᠤᠭᠤᠴᠠᠭᠠᠨ ᠤ ᠬᠢ ᠠᠴᠠ5.34 % ᠪᠠᠷ ᠨᠡᠮᠡᠭᠳᠡᠪᠡ᠃ ᠪᠠᠶᠢᠴᠠᠭᠠᠭᠴᠢ ᠳᠠᠷᠤᠭ᠎ᠠ ᠬᠢᠨᠠᠨ ᠪᠠᠶᠢᠴᠠᠭᠠᠬᠤ ᠵᠦᠪᠯᠡᠯ | ᠤᠨ ᠬᠤᠷᠠᠯ ᠳᠤ5 ᠤᠳᠠᠭ᠎ᠠ ᠰᠤᠯᠠ ᠤᠷᠤᠯᠴᠠᠭᠰᠠᠨ ᠪᠠᠶᠢᠨ᠎ᠠ᠃ ᠪᠠᠶᠢᠴᠠᠭᠠᠬᠤ ᠬᠦᠷᠢᠶ᠎ᠡ ᠴᠠᠷᠠᠭ᠎ᠠ ᠶᠢ | ᠰᠠᠨᠠᠭᠠᠴᠢᠯᠠᠭ᠎ᠠ ᠠᠴᠠ ᠪᠠᠨ ᠤᠷᠲᠤᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠯᠪᠠᠳᠠᠨ ᠮᠡᠳᠡᠭᠦᠯᠬᠦ ᠳᠦᠷᠢᠮ ᠤᠨ | ᠨᠠᠶᠢᠳᠠᠪᠤᠷᠢᠵᠢᠭᠤᠯᠤᠯᠳᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠭᠰᠠᠨ ᠬᠤᠷᠠᠯ ᠤᠨ | ᠳᠦᠷᠢᠮ ᠪᠠ ᠵᠠᠰᠠᠭ ᠵᠠᠬᠢᠷᠭᠠᠨ ᠤ ᠭᠡᠷᠡᠭ ᠪᠠ ᠡᠷᠡᠬᠦᠦ ᠶᠢᠨ ᠭᠡᠷᠡᠭ ᠤᠨ ᠵᠣᠯᠭᠠᠭᠤᠯᠬᠤ ᠠᠵᠢᠯ ᠤᠨ ᠲᠣᠭᠲᠠᠴᠠ ᠶᠢ | ᠪᠠᠶᠢᠭᠤᠯᠵᠠᠢ᠃ ︽ᠭᠠᠵᠠᠷ ᠳᠣᠣᠷᠠᠬᠢ ᠲᠡᠮᠦᠷ ᠵᠠᠮ ᠤᠨ ᠬᠠᠮᠵᠢᠯᠴᠠᠭ᠎ᠠ︾ ᠶᠢ ᠴᠢᠩᠭᠠᠳᠬᠠᠵᠤ᠂ ᠵᠢᠨᠢᠩ ᠤᠨ ᠲᠡᠮᠦᠷ | ᠵᠠᠮ ᠤᠨ ᠲᠡᠭᠡᠭᠡᠪᠦᠷᠢ ᠶᠢᠨ ᠪᠠᠶᠢᠴᠠᠭᠠᠬᠤ ᠬᠤᠷᠢᠶ᠎ᠠ ᠯᠤᠭ᠎ᠠ ︽ᠭᠠᠵᠠᠷ ᠳᠣᠣᠷᠠᠬᠢ ᠲᠡᠮᠦᠷ ᠵᠠᠮ ᠤᠨ ᠬᠠᠮᠵᠢᠯᠴᠠᠭ᠎ᠠ︾ | ᠶᠢᠨ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠤᠨ᠂ ᠪᠠᠶᠢᠩᠭᠤᠵᠢᠭᠰᠠᠨ ᠬᠠᠮᠵᠢᠯᠴᠠᠭᠠᠨ ᠤ ᠲᠣᠭᠲᠠᠴᠠ ᠶᠢ | ᠪᠦᠷᠢᠨᠰᠢᠭᠦᠯᠵᠦ᠂ ︽ᠭᠠᠵᠠᠷ ᠳᠣᠣᠷᠠᠬᠢ ᠲᠡᠮᠦᠷ ᠵᠠᠮ ᠤᠨ ᠬᠠᠮᠵᠢᠯᠴᠠᠭ᠎ᠠ︾ ᠶᠢᠨ ᠳᠣᠲᠣᠭᠠᠳᠤ ᠬᠥᠳᠡᠯᠭᠡᠬᠦ | ᠬᠦᠴᠦᠨ ᠢ ᠴᠢᠩᠭᠠᠳᠬᠠᠨ᠂ ᠤᠯᠠᠨ ᠲᠠᠯ᠎ᠠ ᠠᠴᠠ ᠬᠠᠮᠲᠤ ᠪᠠᠷ ᠵᠠᠰᠠᠬᠤ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠪᠤᠢ ᠪᠤᠯᠭᠠᠭᠰᠠᠨ ᠪᠠᠶᠢᠨ᠎ᠠ᠃ ᠡᠷᠡᠭᠦᠦ ᠶᠢᠨ ᠬᠡᠷᠡᠭ ᠤᠨ ᠭᠦᠢᠴᠡᠳᠬᠡᠬᠦ | ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠤᠶᠠᠷ ᠤᠳᠠᠭᠠᠨ ᠤ ᠵᠣᠷᠢᠭᠤᠳᠠ ᠬᠥᠮᠥᠨ ᠠᠯᠠᠭᠰᠠᠨ | ᠬᠡᠷᠡᠭ ᠲᠤ ᠲᠤᠷᠰᠢᠨ ᠪᠠᠶᠢᠴᠠᠭᠠᠯᠲᠠ ᠶᠢ ᠳᠠᠭᠤᠰᠬᠠᠬᠤ ᠠᠴᠠ ᠡᠮᠦᠨ᠎ᠡ ᠰᠢᠭᠦᠨ ᠠᠰᠠᠭᠤᠬᠤ ᠬᠠᠤᠯᠢ ᠶᠤᠰᠤᠨ ᠤ | ᠬᠠᠷᠭᠤᠭᠤᠯᠤᠨ ᠪᠠᠶᠢᠴᠠᠭᠠᠯᠲᠠ ᠶᠢ ᠬᠤᠶᠠᠷ ᠤᠳᠠᠭ᠎ᠠ ᠬᠢᠵᠡᠢ᠃ ᠤᠯᠤᠰ ᠲᠥᠷᠥ ᠶᠢᠨ ᠡᠷᠬᠡ ᠪᠠᠨ ᠬᠠᠰᠤᠭᠤᠯᠤᠭᠰᠠᠨ | ᠶᠠᠯᠠᠳᠠᠠ ᠤ ᠬᠦᠢᠴᠡᠳᠭᠡᠯᠳᠡ ᠶᠢᠨ ᠪᠠᠶᠢᠳᠠᠯ ᠤᠨ ᠲᠤᠬᠠᠶ ᠲᠤᠰᠬᠠᠶ ᠪᠠᠶᠢᠴᠠᠭᠠᠯᠳᠠ ᠥᠷᠨᠢᠭᠦᠯᠵᠦ᠂ ᠡᠷᠡᠭᠦᠦ ᠶᠢᠨ | ᠬᠤᠭᠤᠴᠠᠭ᠎ᠠ ᠨᠢ ᠣᠨᠣᠪᠴᠢᠲᠠᠶ ᠪᠤᠰᠤ᠂ ᠲᠣᠭᠲᠠᠭᠠᠯ ᠢ ᠵᠥᠷᠢᠴᠡᠨ ᠰᠣᠩᠭᠤᠭᠤᠯᠢ ᠳᠤ ᠤᠷᠤᠯᠴᠠᠭᠤᠯᠤᠭᠰᠠᠨ ᠪᠤᠶᠤ | ᠰᠣᠩᠭᠤᠭᠤᠯᠢ ᠳᠤ ᠦᠯᠦ ᠤᠷᠤᠯᠴᠠᠭᠤᠯᠤᠭᠰᠠᠨ ᠵᠡᠷᠭᠡ 10 ᠠᠰᠠᠭᠤᠳᠠᠯ ᠢ ᠬᠠᠷᠭᠤᠭᠤᠯᠤᠨ ᠪᠠᠶᠢᠴᠠᠭᠠᠪᠠ᠃ 2024 | ᠣᠨ ᠳᠤ ᠡᠷᠡᠭᠦᠦ ᠶᠢᠨ ᠬᠡᠷᠡᠭ ᠤᠨ ᠬᠦᠢᠴᠡᠳᠭᠡᠯᠳᠡ ᠶᠢᠨ ᠬᠠᠤᠯᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ | ᠪᠢᠴᠢᠭ 11 ᠬᠤᠪᠢ᠂ ᠭᠢᠨᠳᠠᠨ ᠤ ᠭᠠᠳᠠᠨ᠎ᠠ ᠲᠦᠷ ᠴᠠᠭ ᠬᠦᠢᠴᠡᠳᠭᠡᠬᠦ ᠬᠠᠤᠯᠢ ᠵᠥᠷᠢᠴᠡᠭᠰᠡᠨ ᠢ ᠵᠠᠯᠠᠷᠠᠭᠤᠯᠬᠤ | ᠮᠡᠳᠡᠭᠳᠡᠯ ᠤᠨ ᠪᠢᠴᠢᠭ 1 ᠬᠤᠪᠢ ᠪᠠᠭᠤᠯᠭᠠᠵᠤ᠂ ᠬᠦᠯᠢᠶᠡᠨ ᠠᠪᠴᠤ ᠭᠡᠷᠡᠭᠯᠡᠭᠰᠡᠨ ᠨᠣᠷᠮ᠎ᠠ ᠨᠢ ᠪᠦᠷ 100% ᠳᠤ | ᠬᠦᠷᠴᠡᠢ᠃ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ | ᠬᠠᠮᠲᠤᠷᠠᠨ ︽ᠰᠢᠭᠦᠨ ᠲᠠᠰᠤᠯᠬᠤ ᠠᠴᠠ ᠡᠮᠦᠨ᠎ᠡ ᠬᠤᠷᠢᠭᠳᠠᠭᠠ ᠦᠭᠡᠢ ᠶᠠᠯᠠᠳᠠᠨ ᠢ ᠲᠤᠰᠢᠶᠠᠨ ᠥᠭᠬᠦ ᠬᠤᠯᠪᠣᠭᠳᠠᠯ | ᠪᠦᠬᠦᠢ ᠠᠵᠢᠯ ᠢ ᠤᠯᠠᠮ ᠰᠠᠶᠢᠨ ᠬᠢᠬᠦ ᠲᠤᠬᠠᠢ ᠰᠠᠨᠠᠯ︾ ᠢ ᠲᠤᠭᠳᠠᠨ᠂ 8 ᠨᠡᠷ᠎ᠡ ᠶᠠᠯᠠᠲᠠᠨ ᠢ ᠲᠤᠰᠢᠶᠠᠨ ᠦᠭᠬᠦ | ᠠᠵᠢᠯᠯᠠᠭ᠎ᠠ ᠳᠤ ᠬᠢᠨᠠᠯᠳᠠ ᠲᠠᠯᠪᠢᠵᠤ ᠵᠠᠯᠠᠷᠠᠭᠤᠯᠭ᠎ᠠ ᠬᠢᠵᠦ᠂ ᠲᠤᠰᠢᠶᠠᠨ ᠥᠭᠬᠦ ᠠᠵᠢᠯ ᠳᠤ ᠪᠣᠳᠠᠲᠠᠢ ᠳᠤ | ᠨᠠᠶᠢᠳᠠᠪᠤᠷᠢᠵᠢᠬᠤ ᠶᠢ ᠪᠠᠳᠤᠯᠠᠪᠠ᠃ |